ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠦᠨᠡᠭᠡᠴᠢ ᠰᠤᠮᠤᠨ ᠳᠤ ᠬᠦᠷᠴᠦ ᠪᠠᠶᠢᠴᠠᠭᠠᠨ ᠰᠤᠳᠣᠯᠣᠨ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/6
     9 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠦᠨᠡᠭᠡᠴᠢ ᠰᠤᠮᠣᠨ ᠳᠤ ᠬᠦᠷᠴᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠰᠤᠮᠤ ᠶᠢᠨ ᠺᠠᠳ᠋ᠷ ᠰᠢᠦᠢ ᠸᠧᠨ᠂ ᠸᠠᠩ  ᠰᠠᠶᠢᠵᠢᠷᠠᠬᠦᠦ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
c917ffa6abd3630a088f06e1e60595c.jpg
     ᠶᠠᠩ ᠽᠢ ᠴᠢᠶᠠᠩ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ︽ᠵᠠᠷᠭᠤ ᠦᠭᠡᠢ︾ ᠭᠠᠴᠠᠭ᠎ᠠ ᠲᠣᠰᠬᠤᠨ ᠲᠠᠭᠲᠠᠭᠠᠲᠤ ᠭᠠᠴᠠᠭ᠎ᠠ᠂ ᠵᠢᠶᠠ ᠢᠦᠢ ᠬᠤᠶ ᠶᠢᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠱᠤᠸᠠᠩ ᠯᠢ ᠬᠤᠷᠰᠢᠶ᠎ᠠ᠂ ᠬᠤᠸᠠᠵᠢᠶᠧ ᠭᠠᠴᠠᠭ᠎ᠠ ᠶᠢᠨ ᠪᠠᠶ᠋ᠬᠠᠡᠶᠢᠯ  ᠭᠡᠷ ᠪᠦᠯᠢ ᠶᠢᠨ ᠮᠠᠯᠵᠢᠯ ᠤᠨ ᠲᠠᠯᠠᠪᠠᠶ᠂ ᠰᠤᠮᠤᠨ ᠤ ᠲᠣᠮᠢᠯᠠᠭᠰᠠᠨ ᠰᠠᠯᠪᠤᠷᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠠᠬᠤᠢ ᠲᠠᠯᠠᠪᠠᠢ ᠳᠤᠨᠢ ᠠᠰᠠᠭᠤᠨ ᠯᠠᠪᠯᠠᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂  ᠲᠠᠪᠣᠳᠣᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃     ᠶᠠᠩ ᠽᠢ ᠴᠢᠶᠠᠩ ᠱᠠᠭᠠᠷᠳᠠᠭᠰᠠᠨ ᠨᠢ᠂ ᠨᠢᠭᠡ ᠳᠤ ︽ᠵᠠᠷᠭᠤ ᠦᠭᠡᠢ︾ ᠭᠠᠴᠠᠭ᠎ᠠ ᠲᠣᠰᠬᠤᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠭᠲᠠᠴᠠ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ  ᠭᠠᠷᠳᠠᠵᠤ᠂ ᠪᠦᠲᠦᠮᠵᠢᠲᠡᠶ ᠰᠢᠢᠳᠪᠦᠷᠢᠯᠡᠨ᠂ ᠵᠥᠷᠢᠴᠡᠯ ᠵᠢᠭᠤᠷᠠᠯᠳᠤᠭᠠᠨ ᠢ ᠢᠮᠠᠭᠲᠠ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠬᠤᠶᠠᠷ ᠲᠤ ᠣᠳᠣᠬᠠᠨ ᠤ ᠪᠦᠭᠦ ᠬᠤᠰᠢᠭᠤᠨ ᠤ ︽ᠲᠠᠪᠣᠳᠣᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠬᠤ︾ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠤᠬᠠᠭᠤᠯᠭ᠎ᠠ ᠶᠢᠨ ᠡᠷᠴᠢᠮ ᠢᠶᠠᠨ ᠲᠠᠰᠣᠷᠠᠯᠲᠠ ᠦᠭᠡᠢ ᠴᠢᠩᠬᠠᠷᠠᠭᠤᠯᠵᠤ᠂ ᠪᠦᠭᠦ ᠨᠡᠶᠢᠭᠡᠮ ᠢᠶᠠᠷ ᠢᠶᠠᠨ ᠨᠡᠶᠢᠳᠡᠮ ᠪᠠᠶᠢᠴᠠᠭᠠᠯᠲᠠ ᠶᠢ ᠣᠶᠢᠯᠠᠭᠠᠬᠤ᠂ ᠨᠡᠶᠢᠳᠡᠮ ᠪᠠᠶᠢᠴᠠᠭᠠᠯᠲᠠ ᠶᠢ ᠳᠡᠮᠵᠢᠬᠦ᠂ ᠨᠡᠶᠢᠳᠡᠮ ᠪᠠᠶᠢᠴᠠᠭᠠᠯᠲᠠ ᠶᠢ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠪᠠᠲᠤᠯᠠᠵᠤ᠂ ᠪᠦᠭᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠦᠨᠡᠨ ᠪᠣᠳᠠᠲᠠᠢ ᠪᠠᠷ ᠲᠤᠰᠬᠠᠬᠤ ᠬᠡᠷᠡᠭᠲᠡᠢ᠃ ᠭᠤᠷᠪᠠ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠠᠶᠢᠭᠠᠳ ᠰᠢᠨ᠎ᠡ ᠬᠡᠯᠪᠡᠷᠢ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠰᠤᠮᠤ ᠭᠠᠴᠠᠭ᠎ᠠ ᠶᠢᠨ ᠪᠣᠳᠠᠲᠠᠢ ᠳᠤ ᠰᠠᠭᠤᠷᠢᠯᠠᠨ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠣᠨᠴᠠᠯᠢᠭᠲᠤ ᠠᠵᠤ ᠦᠢᠯᠡᠰ ᠢ ᠭᠦᠨᠵᠡᠭᠡᠢ ᠠᠭᠤᠳᠠᠯᠵᠤ᠂ ᠭᠠᠴᠠᠭ᠎ᠠ ᠲᠣᠰᠬᠤᠨ ᠤ ᠬᠠᠮᠲᠤ ᠶᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠪᠣᠳᠠᠲᠠᠢ ᠠᠳᠬᠤᠬᠤ ᠶᠢᠨ ᠵᠡᠷᠭᠡᠴᠡᠭᠡᠪᠡᠷ᠂ ︽ᠬᠠᠮᠲᠤ ᠨᠡᠶᠢᠲᠡ ᠶᠢᠨ ᠣᠷᠣᠯᠭ᠎ᠠ ᠪᠠᠨ ᠨᠡᠮᠡᠭᠳᠡᠭᠦᠯᠵᠦ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠵᠦ᠂ ᠬᠥᠳᠡᠭᠡ ᠲᠣᠰᠬᠤᠨ ᠳᠤ ᠬᠦᠰᠡᠯ ᠡᠷᠡᠮᠡᠯᠵᠡᠯ ᠲᠠᠢ︾ ᠪᠠᠶᠢᠬᠤ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号