ᠮᠦ ᠲᠢᠶᠧ ᠮᠢᠨ ᠰᠤᠷᠭᠠᠭᠤᠯᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/9/6
    9 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠭᠰᠠᠨ ᠪᠥᠭᠡᠳ ᠵᠣᠬᠢᠶᠠᠨ ᠪᠠᠶᠢᠭᠤᠯᠣᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ  ᠪᠠᠶᠢᠴᠠᠭᠠᠪᠠ᠃
7f8bb89f793426abecc86f92322cce3.jpg
    ᠬᠤᠷᠠᠯ ᠳᠡᠭᠡᠷ᠎ᠡ᠂ ᠰᠤᠷᠭᠠᠭᠤᠯᠢ ᠶᠢᠨ ᠢᠳᠡᠭᠡᠨ ᠤ ᠵᠦᠢᠯ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠰᠣᠨᠣᠰᠪᠠ᠃ ᠮᠦ ᠲᠢᠶᠧ ᠮᠢᠨ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠨᠢ ᠲᠦᠭ ᠲᠦᠮᠡᠨ ᠭᠡᠷ ᠪᠦᠯᠢ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ ᠪᠣᠯᠬᠤᠷ ᠡᠷᠬᠡᠪᠰᠢ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠠᠮᠤᠷ ᠲᠦᠪᠰᠢᠨ ᠤ ᠠᠵᠢᠯᠲᠠᠨ ᠲᠣᠬᠢᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠥᠨ ᠳᠤ ᠨᠠᠶᠢᠲᠠᠪᠣᠷᠢᠵᠢᠭᠤᠯᠬᠤ ᠬᠡᠷᠡᠭᠲᠡᠢ᠂ ᠰᠤᠷᠭᠠᠭᠤᠯᠢ ᠶᠢᠨ ᠬᠦᠷᠢᠶᠡᠨ ᠤ ᠵᠢᠵᠢᠭᠯᠡᠨ ᠬᠤᠳᠠᠯᠳᠤᠬᠤ ᠢᠳᠡᠭᠡᠨ ᠢ ᠴᠢᠩᠭ᠎ᠠ ᠪᠠᠶᠢᠴᠠᠭᠠᠨ ᠴᠢᠩᠭ᠎ᠠ ᠬᠠᠮᠢᠶᠠᠷᠴᠤ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ ᠢ ᠦᠨᠡᠨᠬᠦ ᠬᠠᠮᠠᠭᠠᠯᠠᠬᠤ ᠬᠡᠷᠡᠭᠲᠡᠢ᠃ ᠰᠤᠷᠭᠠᠭᠤᠯᠢ ᠶᠢᠨ ᠬᠤᠭᠤᠯᠠᠨ ᠭᠡᠷ ᠢ ︽ᠴᠡᠪᠡᠷ ᠲᠣᠩᠭᠠᠯᠠᠭ ᠲᠣᠬᠢᠷᠠᠭᠤᠯᠬᠤ︾ ᠶᠢ ᠨᠠᠶᠢᠳᠠᠪᠤᠷᠢᠵᠢᠭᠤᠯᠵᠤ᠂ ᠠᠵᠢᠯᠲᠠᠳ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ᠂ ᠬᠤᠭᠤᠯᠠ ᠬᠢᠬᠦ ᠠᠵᠢᠯᠯᠠᠭ᠎ᠠ ᠶᠢ ᠵᠢᠷᠤᠮᠵᠢᠭᠤᠯᠤᠨ᠂ ᠪᠥᠬᠦ ᠶᠠᠪᠤᠴᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠮᠦ ᠲᠢᠶᠧ ᠮᠢᠨ ᠱᠠᠭᠠᠷᠳᠠᠭᠰᠠᠨ ᠨᠢ᠂ ᠬᠠᠮᠢᠶ᠎ᠠ ᠪᠦᠬᠦᠢ ᠨᠢᠭᠡᠴᠡ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠨᠡᠮᠡᠭᠳᠡᠭᠦᠯᠦᠨ᠂ ᠪᠠᠭᠤᠷᠠᠢ ᠭᠤᠭᠴᠤᠭ᠎ᠠ ᠪᠠᠨ ᠴᠢᠩᠭ᠎ᠠ ᠠᠩᠬᠠᠷᠴᠤ᠂ ᠡᠳᠦᠷ ᠲᠤᠲᠤᠮ ᠤᠨ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠨ᠂ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠳᠤᠲᠠᠭᠤ ᠲᠤᠷᠭᠤᠨ ᠪᠠᠶᠢᠯᠭᠠᠬᠤ ᠦᠭᠡᠢ᠂ ᠶᠣᠰᠣ ᠶᠢᠨ ᠲᠡᠳᠦᠢ ᠥᠩᠭᠡᠷᠡᠭᠦᠯᠬᠦ ᠦᠭᠡᠢ ᠪᠠᠶᠢᠵᠤ᠂ ᠠᠰᠠᠭᠤᠳᠠᠯ ᠪᠠ ᠳᠠᠯᠳᠠ ᠬᠡᠮ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠪᠢᠲᠡᠭᠦᠦ ᠬᠠᠮᠢᠶᠠᠷᠤᠯᠲᠠ ᠶᠢ ᠪᠡᠶᠡᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠨᠢᠮᠪᠠᠢ ᠰᠠᠶᠢᠲᠤᠷ ᠠᠳᠬᠤᠬᠤ ᠬᠡᠷᠡᠭᠲᠡᠢ᠃ ᠨᠠᠮᠤᠷ ᠤᠨ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠲᠠᠰᠤᠷᠠᠯᠲᠠ ᠦᠭᠡᠢ ᠥᠷᠨᠢᠭᠦᠯᠵᠦ᠂ ᠰᠤᠷᠭᠠᠭᠤᠯᠢ ᠶᠢᠨ ᠬᠤᠭᠤᠯᠠᠨ ᠭᠡᠷ ᠲᠦᠭᠦᠬᠡᠢ ᠮᠠᠲ᠋ᠧᠷᠢᠶᠠᠯ ᠬᠤᠳᠠᠯᠳᠤᠨ ᠣᠷᠣᠭᠤᠯᠬᠤ᠂ ᠬᠤᠭᠤᠯᠠ ᠬᠠᠩᠭᠠᠬᠤ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠦᠷᠭᠦᠯᠵᠢᠯᠡᠨ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号