9 ᠰᠠᠷ᠎ᠠ ᠶᠢᠨ 6 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠵᠠᠩ ᠶᠦᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ | ᠣᠳᠣᠬᠠᠨ ᠤ ᠭᠤᠣᠯᠳᠠᠯᠭ᠎ᠠ ᠲᠠᠢ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠵᠠᠩ ᠶᠦᠩ ᠴᠢᠶᠠᠩ ᠬᠠᠮᠳᠤ | ᠶᠠᠪᠤᠭᠰᠠᠳ ᠲᠠᠢ ᠪᠠᠨ ᠰᠢᠶᠣᠣ ᠾᠧ ᠰᠢ ᠲᠣᠰᠬᠤᠨ᠂ ᠶᠦᠩ ᠯᠧ ᠲᠣᠰᠬᠤᠨ᠂ ᠰᠢᠶᠠᠩᠱᠠᠨ ᠭᠤᠣᠯ ᠰᠤᠷᠭᠠᠭᠤᠯᠢ᠂ | ᠰᠢᠶᠠᠩᠱᠠᠨ ᠲᠣᠰᠬᠤᠨ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ᠂ ᠰᠠᠭᠤᠳᠠᠯ ᠤᠨ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ᠂ ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠳᠠ︾ ᠶᠢᠨ ᠴᠡᠪᠡᠷᠯᠡᠨ ᠪᠠᠶᠢᠴᠠᠭᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ | ᠪᠠᠭᠰᠢ ᠶᠢᠨ ᠲᠣᠬᠢᠷᠠᠭᠤᠯᠤᠯᠲᠠ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | | | |