ᠵᠠᠩ ᠸᠧᠨ ᠬᠤᠶ ᠵᠠᠷᠤᠳ ᠬᠤᠰᠢᠭᠤᠨ ᠳᠤ ᠢᠷᠡᠵᠦ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/7
    9 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ ᠵᠠᠩ ᠸᠧᠨ ᠬᠤᠶ ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ ᠢᠷᠡᠵᠦ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠵᠢᠴᠢ ᠬᠤᠲᠠ ᠬᠤᠰᠢᠭᠤ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
4a3b10a593a888bc8d916f959e1fecf.jpg
    ᠵᠠᠩ ᠸᠧᠨ ᠬᠤᠢ ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠦᠬᠦᠯᠢ ᠴᠣᠭᠴᠠ ᠶᠢᠨ ᠠᠵᠢᠯᠯᠠᠭᠠᠨ ᠤ ᠵᠠᠭᠪᠤᠷ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠴᠣᠩᠬᠤᠪᠴᠢ ᠶᠢᠨ ᠲᠣᠬᠢᠷᠠᠭᠤᠯᠤᠯᠲᠠ᠂ ᠤᠶᠠᠨ ᠬᠠᠲᠠᠨ ᠲᠣᠨᠤᠭ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ ᠨᠠᠷᠢᠨ ᠨᠢᠮᠪᠠᠢ ᠠᠰᠠᠭᠤᠨ  ᠯᠠᠪᠯᠠᠪᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠡᠳᠬᠢᠯ ᠰᠠᠷᠠᠭᠤᠯ ᠤᠯᠠᠭ᠎ᠠ ᠥᠷᠲᠡᠭᠡ᠂ ︽ᠡᠭᠦᠯᠡᠨᠴᠢ ᠴᠣᠩᠬᠤᠪᠴᠢ︾ ᠶᠢᠨ ᠠᠯᠤᠰ ᠠᠴᠠ ᠬᠠᠪᠰᠤᠷᠤᠨ ᠣᠷᠣᠯᠠᠨ ᠭᠦᠢᠴᠡᠳᠬᠡᠬᠦ᠂ ᠡᠯᠧᠺᠲᠷᠣᠨ ᠬᠦᠰᠦᠨᠦᠭᠲᠦ ᠵᠡᠷᠭᠡ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ ᠲᠡᠷᠡ ᠵᠢᠭᠠᠪᠣᠷᠢᠯᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠣᠯ ᠵᠠᠷᠤᠳ ᠬᠤᠰᠢᠭᠤᠨ ᠤ ᠭᠠᠳᠠᠭᠠᠳᠤ ᠳᠤ ᠦᠢᠯᠡᠴᠢᠯᠡᠬᠦ ᠨᠢᠭᠡᠳᠦᠭᠡᠷ ᠴᠣᠩᠬᠤᠪᠴᠢ ᠮᠥᠨ᠂ ᠮᠥᠨ ᠴᠦ ᠠᠵᠤ ᠠᠬᠤᠶᠢᠯᠠᠯ ᠣᠯᠠᠨ ᠲᠦᠮᠡᠨ ᠳᠤ ᠦᠢᠯᠡᠴᠢᠯᠡᠬᠦ ︽ᠭᠤᠣᠯ ᠵᠣᠴᠢᠨ ᠤ ᠥᠷᠥᠭᠡ︾ ᠮᠥᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠪᠴᠢ ᠶᠢᠨ ᠪᠠᠶᠢᠷᠢᠯᠠᠭᠤᠯᠤᠯᠲᠠ ᠶᠢ ᠰᠠᠶᠢᠲᠤᠷ ᠰᠢᠯᠢᠳᠡᠭᠵᠢᠭᠦᠯᠦᠨ᠂ ᠡᠯ᠎ᠡ ᠦᠢᠯᠡᠴᠢᠯᠡᠭᠡᠨ ᠤ ᠲᠤᠰᠬᠠᠢ ᠣᠷᠣᠨ ᠤ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠭᠤᠣᠯᠳᠠᠯᠭ᠎ᠠ ᠲᠠᠢ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠡᠯ᠎ᠡ ᠵᠦᠢᠯ ᠤᠨ ᠲᠣᠭᠲᠠᠭᠰᠠᠨ ᠬᠠᠷᠠᠯᠲᠠ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠶᠢᠨ ᠬᠠᠮᠲᠤ ᠠᠷᠭ᠎ᠠ ᠰᠡᠳᠬᠢᠮᠵᠢ ᠶᠢᠨ ᠰᠢᠨ᠎ᠡ ᠶᠢ ᠤᠯᠠᠮ ᠨᠢᠭᠡ ᠠᠯᠬᠤᠮ ᠡᠭᠦᠳᠬᠦ ᠬᠡᠷᠡᠭᠲᠡᠢ᠃ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠶᠡᠬᠡᠪᠡᠷ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠠᠩ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠡᠶᠢᠲᠡᠯᠡᠨ ᠬᠡᠷᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号