ᠪᠦᠦ ᠸᠧᠨ ᠯᠠᠨ ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/7
    9 ᠰᠠᠷ᠎ᠠ ᠶᠢᠨ 3 ᠤ ᠡᠳᠦᠷ ᠠᠴᠠ 9 ᠰᠠᠷ᠎ᠠ ᠶᠢᠨ 4 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠦᠯᠬᠦᠮ ᠳᠠᠭᠠᠭᠤᠯᠤᠨ ᠬᠤᠲᠠ ᠶᠢᠨ ᠬᠠᠷᠢᠶ᠎ᠠ ᠪᠠᠯᠭᠠᠰᠤᠨ ᠳᠤ ᠭᠦᠨᠵᠡᠭᠡᠶᠢᠷᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠵᠦᠢᠯᠡᠰ ᠢ ᠰᠠᠶᠢᠲᠤᠷ ᠬᠡᠷᠡᠭᠵᠢᠭᠦᠯᠦᠨ᠂ ᠡᠯ᠎ᠡ ᠵᠦᠢᠯ ᠤᠨ ᠢᠨᠵᠧᠨᠧᠷᠢᠩ ᠢ ᠡᠷᠲᠡᠬᠡᠨ ᠳᠠᠭᠤᠰᠬᠠᠬᠤ ᠶᠢ ᠪᠠᠲᠤᠯᠠᠵᠤ᠂ ᠨᠠᠩ ᠰᠠᠶᠢᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠪᠠᠳᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠪᠤᠶᠠᠨ ᠦᠢᠯᠡᠳᠬᠦ ᠬᠡᠷᠡᠭᠲᠡᠢ ᠭᠡᠵᠦ ᠱᠠᠭᠠᠷᠳᠠᠪᠠ᠃ᠬᠤᠰᠢᠭᠤᠨ ᠤᠳᠤᠷᠢᠳᠤᠯᠭ᠎ᠠ ᠶᠣᠣ ᠼᠠᠢ ᠶᠠᠨ᠂ ᠳ᠋ᠢᠩ ᡁᠢ ᠭᠠᠩ᠂ ᠵᠠᠩ ᠯᠢ ᠭᠦᠸᠧ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
12774b26487c801069f6cd02f28481e.jpg
    ᠬᠦᠷᠦᠭᠰᠡᠨ ᠭᠠᠵᠠᠷ ᠪᠣᠯᠭᠠᠨ ᠳᠤ᠂ ᠪᠦᠦ ᠸᠧᠨ ᠯᠠᠨ ᠲᠦᠷᠦᠯ ᠵᠦᠢᠯ ᠤᠨ ᠲᠤᠨᠤᠭ ᠲᠥᠬᠦᠭᠡᠷᠦᠮᠵᠢ ᠶᠢᠨ ᠠᠵᠢᠯᠯᠠᠭ᠎ᠠ᠂ ᠪᠠᠷᠢᠯᠭ᠎ᠠ ᠶᠢᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠥᠮᠥᠰ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠳᠠᠭᠠᠤ ᠳᠡᠳᠡᠨ ᠲᠠᠢ ᠭᠦᠨᠵᠡᠭᠡᠢ ᠶᠠᠷᠢᠯᠴᠠᠵᠤ᠂ ᠲᠦᠷᠦᠯ ᠵᠦᠢᠯ ᠤᠨ ᠲᠣᠶᠢᠮᠣ ᠪᠠᠶᠢᠳᠠᠯ᠂ ᠠᠮᠤᠷ ᠲᠦᠪᠰᠢᠨ ᠤ ᠪᠠᠲᠤᠯᠠᠭ᠎ᠠ᠂ ᠪᠠᠷᠢᠯᠭ᠎ᠠ ᠶᠢᠨ ᠠᠬᠢᠴᠠ ᠶᠢᠨ ᠪᠠᠶᠢᠳᠠᠯ ᠵᠢᠴᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠠᠬᠤᠢ ᠲᠠᠯᠠᠪᠠᠢ ᠳᠤ ᠠᠯᠪᠠᠯᠠᠨ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠲᠤᠰᠢᠶᠠᠨ ᠥᠭᠴᠦ ᠰᠢᠢᠳᠪᠦᠷᠢᠯᠡᠭᠦᠯᠪᠡ᠃306 ᠮᠤᠵᠢ ᠶᠢᠨ ᠵᠠᠮ ᠤᠨ ︽ᠨᠢᠭᠡᠳᠦᠭᠡᠷ ᠳᠡᠰ ᠤᠨ ᠵᠠᠰᠠᠮᠠᠯ ᠵᠠᠮ ᠢ ᠥᠨᠳᠥᠷ ᠬᠤᠷᠳᠣᠴᠠᠲᠤ ᠵᠠᠰᠠᠮᠠᠯ ᠵᠠᠮ ᠪᠣᠯᠭᠠᠨ ᠥᠭᠡᠷᠡᠴᠢᠯᠡᠬᠦ︾ G5511 ᠶᠢᠨ ᠰᠣᠭᠤᠲᠤ ᠠᠴᠠ ᠴᠠᠪᠠ ᠶᠢᠨ ᠲᠠᠯ᠎ᠠ ᠬᠦᠷᠬᠦ ᠬᠡᠰᠡᠭ ᠤᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠶ ᠳᠤ᠂ ᠪᠦᠦ ᠸᠧᠨ ᠯᠠᠨ ᠬᠡᠯᠡᠭᠰᠡᠨ ᠨᠢ᠂  ᠰᠣᠭᠤᠲᠤ ᠠᠴᠠ ᠴᠠᠪᠠ ᠶᠢᠨ ᠲᠠᠯ᠎ᠠ ᠬᠦᠷᠬᠦ ᠦᠨᠳᠦᠷ ᠬᠤᠷᠳᠣᠴᠠᠲᠤ ᠵᠠᠰᠠᠮᠠᠯ ᠵᠠᠮ ᠪᠣᠯ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠦᠨᠳᠦᠷ ᠬᠤᠨᠳᠣᠴᠠᠲᠤ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠵᠠᠮ ᠨᠡᠪᠲᠡᠷᠡᠭᠦᠯᠭᠡ ᠶᠢᠨ ᠴᠢᠳᠠᠪᠤᠷᠢ ᠪᠣᠯᠣᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠬᠤ᠂ ᠵᠠᠮ ᠳᠠᠭᠠᠤ ᠶᠢᠨ ᠭᠠᠵᠠᠷ ᠣᠷᠣᠨ ᠤ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠯᠢᠪᠠ ᠬᠦᠴᠢᠷᠳᠡᠯ ᠪᠠ ᠬᠠᠷᠰᠢ ᠰᠠᠭᠠᠳ ᠢ ᠠᠷᠢᠯᠭᠠᠵᠤ᠂ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠨ᠂ ᠠᠵᠢᠯ ᠤᠨ ᠴᠤᠪᠤᠷᠠᠯ ᠪᠠ ᠪᠠᠷᠢᠯᠭ᠎ᠠ ᠶᠢᠨ ᠠᠵᠢᠯ ᠤᠨ ᠲᠥᠰᠥᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠭᠤᠭᠴᠤᠭ᠎ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠣᠨ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠥᠨᠳᠥᠷ ᠪᠦᠲᠦᠮᠵᠢᠲᠡᠢ ᠳᠥᠭᠦᠮ ᠳᠥᠲᠡ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠪᠡ᠃    ᠯᠦᠪᠸᠢ ᠠᠵᠤ ᠦᠢᠯᠡᠰ ᠤᠨ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠪᠦᠦ ᠸᠧᠨ ᠯᠠᠨ ᠬᠡᠯᠡᠬᠦ ᠳᠡᠭᠡᠨ᠂ ᠪᠥᠬᠦ ᠬᠤᠰᠢᠭᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠪᠴᠠᠩ ᠬᠡᠳᠦᠢ ᠶᠡᠭᠡ ᠪᠠᠶᠢᠬᠤ ᠶᠢ ᠦᠵᠡᠬᠦ ᠳᠤ ᠠᠵᠤ ᠦᠢᠯᠡᠰ ᠤᠨ ᠲᠣᠭᠤᠷᠢᠭ ᠤᠨ ᠵᠠᠯᠭᠠᠨ ᠵᠣᠯᠭᠠᠭᠤᠯᠬᠤ ᠲᠠᠪᠴᠠᠩ ᠬᠡᠳᠦᠢ ᠶᠡᠭᠡ ᠪᠠᠶᠢᠬᠤ ᠶᠢ ᠦᠵᠡᠬᠦ ᠬᠡᠷᠡᠭᠲᠡᠢ᠂ ᠲᠣᠭᠤᠷᠢᠭ ᠤᠨ ᠵᠠᠯᠭᠠᠨ ᠵᠣᠯᠭᠠᠭᠤᠯᠬᠤ ᠲᠠᠪᠴᠠᠩ ᠢ ᠰᠠᠶᠢᠲᠤᠷ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠨᠢ  ᠲᠣᠭᠤᠷᠢᠭ ᠤᠨ ᠣᠷᠳᠣ ᠬᠤᠭᠤᠴᠠᠭᠠᠨ ᠤ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠳᠤ ᠲᠤᠶᠢᠯ ᠤᠨ ᠴᠢᠬᠤᠯᠠ ᠪᠠᠶᠢᠳᠠᠭ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠲᠡᠷᠭᠡᠨ ᠵᠣᠭᠰᠣᠭᠠᠯ ᠵᠡᠷᠭᠡ ᠶᠢ ᠪᠠᠶᠢᠭᠤᠯᠤᠭᠰᠠᠨ ᠨᠢ ᠲᠣᠭᠤᠷᠢᠭ ᠤᠨ ᠳᠠᠭᠠᠭᠠᠬᠤ ᠴᠢᠳᠠᠪᠤᠷᠢ ᠶᠢ ᠪᠠᠲᠤᠳᠬᠠᠵᠤ᠂ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠭᠤᠷᠢ ᠲᠠᠯᠪᠢᠬᠤ ᠪᠣᠯᠣᠨ᠎ᠠ᠃ ᠪᠠᠷᠢᠯᠭ᠎ᠠ ᠶᠢᠨ ᠲᠠᠯ᠎ᠠ ᠶᠢᠨ ᠬᠢᠨ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠴᠡᠭ ᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠬᠤ᠂ ᠲᠦᠷᠭᠡᠨ ᠳᠠᠭᠤᠰᠬᠠᠬᠤ ᠶᠢ ᠲᠦᠷᠭᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠭᠤᠷᠪᠠᠳᠠᠭᠢ ᠡᠲᠡᠭᠡᠳ ᠠᠴᠠ ᠰᠢᠯᠭᠠᠨ ᠬᠤᠷᠢᠶᠠᠬᠤ ᠪᠠᠶᠢᠭᠤᠯᠤᠮᠵᠢ ᠶᠢ ᠤᠷᠢᠵᠤ ᠲᠣᠭᠤᠷᠢᠭ ᠤᠨ ᠢᠵᠢ ᠪᠦᠷᠢᠳᠦᠭᠰᠡᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠪᠠᠶᠢᠳᠠᠯ ᠳᠤ ᠰᠢᠯᠭᠠᠨ ᠬᠤᠷᠢᠶᠠᠬᠤ ᠠᠵᠢᠯ ᠥᠷᠨᠢᠭᠦᠯᠵᠦ᠂ ᠭᠤᠣᠯᠯᠠᠬᠤ ᠠᠵᠤ ᠦᠢᠯᠡᠰ ᠪᠠ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠠᠴᠢᠶᠠᠯᠠᠪᠤᠷᠢ ᠶᠢᠨ ᠲᠠᠪᠴᠠᠩ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠵᠤ᠂ ᠠᠵᠤ ᠦᠢᠯᠡᠰ ᠤᠨ ᠲᠥᠷᠥᠯ ᠵᠦᠢᠯ ᠢ ᠣᠷᠣᠭᠤᠯᠵᠤ ᠳᠡᠶᠢᠯᠬᠦ᠂ ᠲᠦᠷᠭᠡᠨ ᠨᠠᠶᠢᠳᠠᠪᠤᠷᠢᠵᠢᠭᠤᠯᠵᠤ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠬᠦ ᠳᠡᠶᠢᠯᠬᠦ ᠬᠡᠷᠡᠭᠲᠡᠢ ᠭᠡᠪᠡ᠃    ᠪᠦᠦ ᠸᠧᠨ ᠯᠠᠨ ᠦᠯᠢᠭᠡᠷ ᠶᠡᠭᠡ ᠬᠥᠭᠦᠷᠭᠡ᠂ ᠯᠦᠪᠧᠢ ᠭᠤᠣᠯ ᠤᠨ ᠶᠡᠭᠡ ᠬᠥᠭᠦᠷᠭᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠤᠰᠤᠨ ᠤ ᠡᠬᠢ ᠰᠤᠷᠪᠤᠯᠵᠢ ᠵᠢᠴᠢ ᠤᠰᠤ ᠴᠡᠪᠡᠷᠰᠢᠭᠦᠯᠬᠦ ᠦᠢᠯᠡᠳᠪᠦᠷᠢ᠂ ᠲᠠᠪᠤᠳᠤᠭᠠᠷ ᠬᠡᠦᠬᠡᠳ ᠤᠨ ᠴᠡᠴᠡᠷᠯᠢᠭ᠂ ᠬᠢᠲᠠᠳ ᠡᠮᠨᠡᠯᠭᠡ ᠶᠢᠨ ᠬᠤᠷᠢᠶᠠᠨ ᠤ ᠬᠢᠲᠠᠳ ︵ᠮᠣᠩᠭᠤᠯ︶ ᠡᠮᠴᠢᠯᠡᠭᠡ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠠᠰᠠᠷ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠡᠩ ᠶᠡᠭᠡ ᠬᠦᠴᠦᠯᠡᠴᠡ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠬᠢᠴᠠ ᠶᠢ ᠠᠮᠵᠢᠵᠤ᠂ ᠬᠠᠷᠠᠯᠲᠠ ᠪᠠᠨ ᠲᠣᠳᠣᠷᠬᠠᠶᠢᠯᠠᠵᠤ᠂ ᠡᠭᠦᠷᠭᠡ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠬᠤ᠂  ᠵᠢᠷᠤᠭ ᠲᠦᠰᠦᠯ ᠢᠶᠠᠷ ᠠᠵᠢᠯᠯᠠᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠦᠷᠦᠯ ᠵᠦᠢᠯ ᠢ ᠥᠨᠳᠥᠷ ᠪᠠᠷᠢᠮᠵᠢᠶ᠎ᠠ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠭᠤᠭᠴᠤᠭ᠎ᠠ ᠳᠤ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂  ᠵᠠᠷᠣᠳ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号