| 9 ᠰᠠᠷ᠎ᠠ ᠶᠢᠨ 6 --- 7 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠣᠷᠣᠨ ᠲᠤᠭ᠎ᠠ ᠶᠢᠨ ᠵᠦᠪᠯᠡᠯ ᠤᠨ ᠠᠯᠪᠠᠨ ᠭᠡᠷ ᠤᠨ ᠬᠤᠶᠠᠳᠤᠭᠠᠷ ᠳᠡᠰ ᠤᠨ ᠴᠠᠭᠳᠠᠨ ᠪᠠᠶᠢᠴᠠᠭᠠᠭᠴᠢ ᠰᠢᠦᠢ ᠱᠧᠩ | ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠵᠦᠪᠯᠡᠯ ᠤᠨ ᠠᠯᠪᠠᠨ | ᠭᠡᠷ ᠤᠨ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ ᠤᠨ ᠳᠠᠷᠤᠭ᠎ᠠ ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠵᠦᠪᠯᠡᠯ ᠤᠨ ᠠᠯᠪᠠᠨ ᠭᠡᠷ ᠤᠨ ᠠᠵᠢᠯ ᠦᠢᠯᠡᠰ ᠤᠨ ᠭᠠᠵᠠᠷ ᠤᠨ ᠳᠡᠳ᠋ | ᠳᠠᠷᠤᠭ᠎ᠠ ᠡᠦ ᠪᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠥᠰᠥᠪ ᠢ | ᠨᠠᠶᠢᠷᠠᠭᠤᠯᠤᠨ ᠬᠢᠨᠠᠬᠤ ᠲᠥᠪ ᠤᠨ ᠳᠡᠳ᠋ ᠡᠷᠬᠢᠯᠡᠭᠴᠢ ᠵᠧᠩ ᠱᠦᠨ ᠯᠢ᠂ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠥᠳᠡᠯᠮᠦᠷᠢ ᠶᠢᠨ | ᠬᠠᠷᠢᠴᠠᠭ᠎ᠠ ᠶᠢᠨ ᠭᠠᠵᠠᠷ ᠤᠨ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠷᠦᠩ ᠵᠢᠩ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠪᠠ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ ᠶᠢᠨ ᠰᠦᠯᠵᠢᠶᠡᠨ ᠤ ᠨᠡᠷ᠎ᠡ ᠶᠢ | ᠳᠠᠩᠰᠠᠯᠠᠬᠤ ᠲᠥᠪ ᠤᠨ ᠰᠠᠯᠠᠭᠠᠨ ᠳᠠᠷᠤᠭ᠎ᠠ ᠵᠠᠩ ᠶᠦᠩ ᠫᠢᠩ ᠵᠡᠷᠭᠡ 6 ᠬᠦᠮᠦᠰ ᠮᠠᠨ ᠤ ᠬᠤᠰᠢᠭᠤᠨ ᠳᠤ | ᠭᠦᠨᠵᠡᠭᠡᠶᠢᠷᠡᠨ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢ ᠬᠡᠷᠡᠭᠵᠢᠭᠦᠯᠦᠭᠰᠡᠨ | ᠪᠠᠶᠢᠳᠠᠯ ᠪᠠ ᠬᠡᠷᠡᠭᠯᠡᠯᠲᠡ ᠶᠢᠨ ᠦᠷ᠎ᠡ ᠠᠰᠢᠭ ᠤᠨ ᠲᠤᠬᠠᠢ ᠪᠠᠶᠢᠴᠠᠭᠠᠨ ᠰᠤᠳᠤᠯᠤᠯᠲᠠ ᠪᠠ ᠰᠣᠯᠢᠯᠴᠠᠭ᠎ᠠ ᠬᠢᠪᠡ᠃ | ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠵᠦᠪᠯᠡᠯ ᠤᠨ ᠠᠯᠪᠠᠨ ᠭᠡᠷ ᠤᠨ ᠳᠡᠳ᠋ | ᠡᠷᠬᠢᠯᠡᠭᠴᠢ ᠸᠠᠩ ᠬᠤᠩ ᠵᠢᠶᠧ ᠵᠢᠴᠢ ᠬᠠᠮᠢᠶ᠎ᠠ ᠪᠦᠬᠦᠢ ᠠᠵᠢᠯᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ᠂ ᠬᠤᠰᠢᠭᠤᠨ ᠤ | ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠨ ᠭᠦᠸᠧ ᠵᠢᠴᠢ ᠬᠠᠮᠢᠶ᠎ᠠ ᠪᠦᠬᠦᠢ | ᠠᠵᠢᠯᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | ᠲᠣᠰ ᠤᠳᠠᠭᠠᠨ ᠤ ᠱᠠᠭᠠᠷᠳᠠᠨ ᠪᠠᠶᠢᠴᠠᠭᠠᠯᠲᠠ ᠶᠢ ᠭᠤᠣᠯᠳᠠᠭᠤ ᠶᠠᠷᠢᠯᠴᠠᠨ ᠰᠣᠯᠢᠯᠴᠠᠬᠤ᠂ ᠠᠵᠢᠯ ᠤᠨ ᠬᠠᠷᠢᠭᠤ | ᠮᠡᠳᠡᠭᠦᠯᠦᠯᠲᠡ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠦᠵᠡᠬᠦ ᠵᠡᠷᠭᠡ ᠠᠷᠭ᠎ᠠ | ᠮᠠᠶ᠋ᠢᠭ ᠢᠶᠠᠷ ᠶᠠᠪᠣᠭᠳᠠᠭᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠡᠮᠦᠨ᠎ᠡ ᠪᠣᠯᠠᠭᠲᠤ ᠶᠢᠨ ᠮᠦᠽᠧᠢ᠂ | ᠬᠤᠰᠢᠭᠤᠨ ᠤ ᠤᠰᠤᠨ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ᠂ ᠯᠦᠪᠧᠢ ᠪᠠᠯᠭᠠᠰᠤ᠂ | ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ᠃ | 2020 ᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠤ ᠳᠠᠷᠠᠭᠠᠬᠢ ᠠᠵᠢᠯᠯᠠᠭᠠᠨ ᠤ ᠪᠠᠶᠢᠳᠠᠯ ᠪᠠ | ᠣᠷᠣᠰᠢᠵᠤ ᠪᠠᠶᠢᠭ᠎ᠠ ᠠᠰᠠᠭᠤᠳᠠᠯ᠂ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠠᠵᠢᠯᠯᠠᠭᠠᠨ᠂ ᠠᠵᠢᠯ | ᠦᠢᠯᠡᠰ ᠤᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠬᠠᠮᠢᠶ᠎ᠠ ᠪᠦᠬᠦᠢ ᠦᠷ᠎ᠡ ᠠᠰᠢᠭ ᠤᠨ | ᠪᠠᠶᠢᠳᠠᠯ᠂ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠣᠬᠢᠷᠠᠭᠤᠯᠤᠯᠲᠠ ᠶᠢᠨ | ᠦᠷ᠎ᠡ ᠠᠰᠢᠭ ᠤᠨ ᠪᠠᠶᠢᠳᠠᠯ ᠵᠢᠴᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ | | | 9 ᠰᠠᠷ᠎ᠠ ᠶᠢᠨ 7 ᠤ ᠡᠳᠦᠷ ᠰᠠᠭᠤᠳᠠᠯ ᠤᠨ ᠬᠤᠷᠠᠯ ᠬᠢᠵᠦ᠂ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ᠂ | ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ | ᠡᠳ᠋ ᠤᠨ ᠵᠠᠰᠠᠭ ᠤᠨ ᠲᠣᠪᠴᠢᠶ᠎ᠠ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠣᠷᠣᠨ | ᠲᠤᠭ᠎ᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠨ ᠭᠦᠸᠧ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠮᠦᠨ᠎ᠡ | ᠬᠤᠶᠢᠨᠠᠬᠢ ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ | ᠳᠣᠲᠣᠭᠠᠳᠤ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ ᠪᠠ ᠣᠷᠣᠨ ᠲᠤᠭ᠎ᠠ ᠶᠢᠨ ᠬᠡᠷᠡᠭᠯᠡᠯᠲᠡ ᠵᠢᠴᠢ | ᠥᠭᠡᠷᠡᠴᠢᠯᠡᠯᠲᠡ ᠶᠢᠨ ᠦᠷ᠎ᠡ ᠪᠦᠲᠦᠭᠡᠯ ᠵᠡᠷᠭᠡ ᠬᠠᠮᠢᠶ᠎ᠠ ᠪᠦᠬᠦᠢ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠭᠦᠨ ᠤ | ᠬᠠᠮᠲᠤ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠲᠠᠢ ᠠᠵᠢᠯ ᠤᠨ ᠦᠢᠯᠡᠳᠦᠯᠭᠡ ᠳᠤᠮᠳᠠ ᠲᠤᠯᠭᠠᠷᠠᠭᠰᠠᠨ | ᠠᠰᠠᠭᠤᠳᠠᠯ ᠪᠠ ᠬᠦᠴᠢᠷᠳᠡᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠲᠠᠷᠠᠭᠠᠴᠢ ᠶᠢᠨ ᠠᠯᠬᠤᠮ ᠳᠤ ᠠᠵᠢᠯ ᠤᠨ ᠠᠵᠢᠯᠯᠠᠭᠠᠨ ᠤ ᠲᠣᠭᠲᠠᠴᠠ ᠶᠢ ᠬᠡᠷᠬᠢᠨ | ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠣᠷᠠᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠪᠠ ᠣᠷᠣᠨ ᠲᠤᠭ᠎ᠠ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠭᠦᠢᠴᠡᠳ | ᠨᠤᠲᠠᠯᠠᠪᠠ᠃ ᠳᠠᠷᠠᠭᠠᠴᠢ ᠶᠢᠨ ᠠᠯᠬᠤᠮ ᠳᠤ ᠵᠠᠷᠤᠳ ᠬᠤᠰᠢᠭᠤᠨ ᠤ ᠬᠢᠨ ᠲᠤᠰ ᠤᠳᠠᠭ᠎ᠠ ᠶᠢᠨ ᠪᠠᠶᠢᠴᠠᠭᠠᠨ | ᠰᠤᠳᠤᠯᠵᠤ ᠦᠨᠡᠯᠡᠬᠦ ᠪᠠᠷ ᠠᠵᠠ ᠲᠣᠬᠢᠶᠠᠯ ᠪᠣᠯᠭᠠᠵᠤ᠂ ᠰᠠᠨᠠᠯ ᠰᠠᠨᠠᠭᠤᠯᠭ᠎ᠠ ᠪᠠᠨ ᠨᠠᠷᠢᠨ ᠬᠢᠨᠠᠮᠠᠭᠠᠢ ᠡᠮᠬᠢᠯᠡᠵᠦ᠂ | ᠥᠭᠡᠷᠡᠴᠢᠯᠡᠯᠲᠡ ᠶᠢᠨ ᠳᠠᠷᠠᠭᠠᠬᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠣᠨ ᠳᠣᠲᠠᠭᠳᠠᠯ ᠢᠶᠠᠨ | ᠰᠤᠳᠤᠯᠵᠤ᠂ ᠦᠨᠡᠨᠬᠦ ᠶᠠᠪᠤᠭᠳᠠᠭᠤᠰᠢᠲᠠᠢ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠶᠢᠨ | ᠦᠷ᠎ᠡ ᠪᠦᠲᠦᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ | ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠵᠠᠷ ᠣᠷᠣᠨ ᠤ | ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠪᠠᠶᠢᠭᠤᠯᠤᠮᠵᠢ ᠲᠣᠭᠲᠠᠴᠠ ᠶᠢᠨ ᠪᠠᠲᠤᠯᠠᠭ᠎ᠠ ᠬᠠᠩᠭᠠᠬᠤ | ᠬᠡᠷᠡᠭᠲᠡᠢ ᠭᠡᠪᠡ᠃ | | | |