| ᠬᠥᠳᠡᠭᠡ ᠲᠣᠰᠬᠤᠨ ᠤ ᠭᠠᠵᠠᠷ ᠰᠢᠷᠣᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ | ᠲᠣᠰᠬᠤᠨ ᠤ ᠲᠠᠷᠠᠬᠠᠢ ᠪᠤᠲᠠᠷᠬᠠᠢ ᠡᠷᠦᠬᠡ ᠶᠢᠨ ︽ᠲᠠᠷᠢᠶᠠᠨ ᠭᠠᠵᠠᠷ ᠰᠤᠯᠠ ᠪᠠᠶᠢᠬᠤ᠂ ᠬᠥᠳᠡᠯᠮᠦᠷᠢ ᠬᠦᠴᠦ | ᠬᠦᠷᠦᠯᠴᠡᠬᠦ ᠦᠭᠡᠢ ᠪᠠᠶᠢᠬᠤ᠂ ᠮᠠᠰᠢᠨ ᠪᠠᠭᠠᠵᠢ ᠳᠤᠲᠠᠭᠳᠠᠵᠤ ᠪᠠᠶᠢᠬᠤ᠂ ᠥᠪᠡᠷ ᠤᠨ ᠥᠷᠲᠡᠭ ᠬᠡᠲᠦ ᠥᠨᠳᠥᠷ | ᠪᠠᠶᠢᠬᠤ᠂ ᠦᠷ᠎ᠡ ᠠᠰᠢᠭ ᠳᠣᠣᠷ᠎ᠠ ᠪᠠᠶᠢᠬᠤ᠂ ᠦᠢᠯᠡᠳᠪᠦᠷᠢᠯᠡᠯ ᠪᠣᠷᠤᠯᠠᠭᠤᠯᠭ᠎ᠠ ᠰᠢᠯᠤᠭᠤᠨ ᠪᠤᠰᠤ ᠪᠠᠶᠢᠬᠤ︾ ᠵᠡᠷᠭᠡ | ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠠᠷᠤᠳ ᠬᠤᠰᠢᠭᠤᠨ ᠤ ᠬᠢᠨ ᠬᠤᠷᠰᠢᠶ᠎ᠠ ᠪᠠᠷ ᠠᠴᠢᠶᠠᠯᠠᠪᠤᠷᠢ | ᠪᠣᠯᠭᠠᠵᠤ᠂ ︽ᠭᠤᠷᠪᠠᠨ ᠦᠶ᠎ᠡ︾ ᠶᠢᠨ ᠵᠠᠭᠪᠤᠷ ᠢᠶᠠᠷ ᠰᠢᠵᠢᠮ ᠪᠣᠯᠭᠠᠵᠤ᠂ ᠲᠠᠷᠢᠶᠠᠯᠠᠩ ᠤᠨ ᠲᠠᠷᠢᠶᠠᠯᠠᠵᠤ | ᠬᠤᠷᠢᠶᠠᠵᠤ ᠨᠥᠭᠡᠴᠡᠯᠡᠬᠦ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠶᠡᠭᠡ ᠪᠠᠷ ᠬᠡᠷᠡᠭᠵᠢᠭᠦᠯᠪᠡ᠃ | ᠬᠤᠷᠰᠢᠶ᠎ᠠ ᠪᠠᠷ ᠳᠠᠮᠵᠢᠭᠤᠯᠤᠨ ᠲᠠᠷᠢᠶᠠᠴᠢᠨ ᠡᠷᠦᠭᠡ ᠶᠢ ᠲᠠᠶᠢᠴᠢᠯᠠᠨ᠂ ᠲᠠᠷᠢᠶᠠᠨ ᠭᠠᠵᠠᠷ ᠢ ᠲᠥᠪᠯᠡᠷᠡᠭᠦᠯᠵᠦ᠂ ᠤᠳᠤ | ᠦᠶ᠎ᠡ ᠶᠢᠨ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠮᠧᠬᠠᠨᠢᠭ ᠪᠠ ᠲᠠᠷᠢᠶᠠᠯᠠᠩ ᠤᠨ ᠮᠡᠷᠭᠡᠵᠢᠯ ᠢ ᠠᠰᠢᠭᠯᠠᠨ᠂ | ᠲᠥᠪᠯᠡᠷᠡᠭᠦᠯᠦᠨ ᠲᠠᠷᠢᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠨᠢᠭᠡᠳᠦᠯᠲᠡᠢ ᠡᠵᠡᠩᠨᠡᠵᠦ᠂ ᠬᠡᠪᠴᠢᠶᠡᠵᠢᠭᠦᠯᠬᠦ | ᠂ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠵᠦ᠂ ᠬᠡᠪᠴᠢᠶᠡᠵᠢᠭᠦᠯᠬᠦ᠂ ᠡᠷᠴᠢᠮᠵᠢᠭᠦᠯᠬᠦ᠂ ᠪᠠᠷᠢᠮᠵᠢᠶᠠᠵᠢᠭᠤᠯᠬᠤ ᠬᠢᠷᠢ | ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠠᠷᠢᠶᠠᠯᠠᠩ ᠤᠨ ᠥᠪᠡᠷ ᠤᠨ ᠦᠷᠳᠡᠭ ᠢ ᠪᠠᠭᠤᠷᠠᠭᠤᠯᠬᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠢ ᠶᠡᠭᠡ ᠪᠠᠷ ᠬᠦᠭᠵᠢᠭᠦᠯᠦᠭᠰᠡᠨ ᠲᠠᠷᠢᠶᠠᠴᠢᠨ ᠳᠤ | ᠠᠰᠢᠭᠲᠠᠢ ᠲᠠᠷᠢᠶᠠᠯᠠᠩ ᠢ ᠬᠦᠴᠦᠷᠬᠡᠭᠵᠢᠭᠦᠯᠬᠦ ᠵᠠᠮ ᠢ ᠨᠡᠭᠡᠭᠡᠭᠰᠡᠨ ᠪᠠᠶᠢᠨ᠎ᠠ᠃ | | | ᠣᠳᠣ ᠶᠠᠭ ᠲᠠᠷᠢᠮᠠᠯ ᠤᠨ ᠤᠷᠭᠤᠯᠲᠠ ᠶᠢᠨ ᠴᠢᠬᠤᠯᠠ ᠴᠠᠭ ᠦᠶ᠎ᠡ ᠪᠣᠯᠵᠤ ᠪᠠᠶᠢᠨ᠎ᠠ᠃ ᠦᠨᠡᠭᠡᠴᠢ ᠰᠤᠮᠤ ᠶᠢᠨ | ᠲᠠᠭᠲᠠᠭᠠᠲᠤ ᠭᠠᠴᠠᠭ᠎ᠠ ᠶᠢᠨ ᠲᠠᠷᠢᠶᠠᠨ ᠭᠠᠵᠠᠷ ᠲᠤ ᠲᠣᠰᠬᠤᠨ ᠤ ᠠᠷᠠᠳ ᠤᠨ ᠶᠠᠭᠠᠷᠠᠯᠲᠠᠢ ᠪᠠᠶᠢᠳᠠᠯ ᠦᠵᠡᠭᠳᠡᠬᠦ | ᠦᠭᠡᠢ᠂ ᠬᠠᠷᠢᠨ ᠤᠷᠭᠤᠮᠠᠯ ᠢ ᠬᠠᠮᠠᠭᠠᠯᠠᠬᠤ ᠵᠢᠯᠣᠭᠤᠴᠢ ᠦᠭᠡᠢ ᠨᠢᠰᠬᠡᠯ ᠨᠢᠳᠣᠨ ᠳᠤ ᠬᠠᠷᠠᠭᠳᠠᠵᠤ᠂ ᠨᠠᠰᠢ ᠴᠠᠰᠢ | ᠨᠢᠰᠴᠤ᠂ ︽ᠨᠢᠰᠬᠡᠯ ᠢᠶᠠᠷ ᠰᠡᠷᠭᠡᠶᠢᠯᠡᠬᠦ︾ ᠠᠵᠢᠯ ᠢ ᠭᠦᠢᠴᠡᠳᠭᠡᠵᠦ᠂ ᠲᠠᠷᠢᠶᠠᠨ ᠡᠮ ᠢ ᠲᠠᠷᠢᠮᠠᠯ ᠤᠨ ᠳᠡᠭᠡᠷ᠎ᠡ | ᠣᠨᠣᠪᠴᠢᠲᠠᠢ ᠰᠦᠷᠴᠢᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠪᠠᠭᠠᠰᠬᠠᠵᠤ᠂ ᠠᠮᠤ ᠪᠤᠳᠠᠭᠠᠨ ᠤ ᠤᠨᠠᠯᠲᠠ ᠶᠢ | ᠪᠠᠲᠣᠯᠠᠵᠤ ᠪᠠᠶᠢᠪᠠ᠃ ᠥᠩᠭᠡᠷᠡᠭᠰᠡᠨ ᠵᠢᠯ ᠤᠳ ᠤᠨ ᠭᠠᠴᠠᠭᠠᠨ ᠤ ᠠᠷᠠᠳ ᠥᠪᠡᠷ ᠢᠶᠠᠨ ᠤᠷᠭᠤᠮᠠᠯ ᠤᠨ | ᠬᠠᠮᠠᠭᠠᠯᠠᠯᠲᠠ ᠳᠤ ᠨᠡᠯᠢᠶᠡᠳ ᠠᠷᠪᠢᠨ ᠬᠥᠮᠥᠨ ᠤ ᠬᠦᠴᠦ ᠴᠠᠭ ᠣᠷᠣᠭᠤᠯᠤᠭᠰᠠᠨ ᠲᠠᠢ ᠬᠠᠷᠢᠴᠠᠭᠤᠯᠪᠠᠯ᠂ | ᠣᠳᠣᠬᠠᠨ ᠳᠤ ᠭᠠᠴᠠᠭᠠᠨ ᠤ ᠠᠷᠠᠳ ᠵᠥᠪᠬᠡᠨ ᠵᠠᠩᠭᠢᠯᠠᠭ᠎ᠠ ᠶᠢᠨ ᠦᠶ᠎ᠡ ᠳᠤ ᠠᠵᠢᠯ ᠬᠢᠨᠠᠵᠤ ᠪᠠᠶᠢᠪᠠᠯ ᠪᠣᠯᠴᠢᠬᠠᠨ᠎ᠠ᠃ | ᠵᠠᠷᠤᠳ ᠬᠤᠰᠢᠭᠤᠨ ᠤ ᠱᠤᠸᠠᠩ ᠯᠢ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠨᠢ ᠭᠠᠵᠠᠷ ᠰᠢᠷᠣᠢ ᠶᠢ | ᠨᠠᠶᠢᠳᠠᠨ ᠬᠠᠮᠢᠶᠠᠷᠤᠭᠤᠯᠬᠤ ᠵᠠᠭᠪᠤᠷ ᠢᠶᠠᠷ ᠳᠡᠮᠵᠢᠨ᠂ ᠬᠤᠷᠰᠢᠶ᠎ᠠ ᠨᠢ ᠲᠣᠰᠬᠤᠨ ᠤ ᠠᠷᠠᠳ ᠲᠠᠢ ︽ᠭᠠᠵᠠᠷ ᠰᠢᠷᠣᠢ ᠶᠢ | ᠨᠠᠶᠢᠳᠠᠨ ᠬᠠᠮᠢᠶᠠᠷᠤᠭᠤᠯᠬᠤ︾ ᠬᠡᠯᠡᠯᠴᠡᠭᠡᠷ ᠲᠣᠭᠲᠠᠪᠠ᠃ ᠨᠠᠶᠢᠳᠠᠯᠭ᠎ᠠ ᠪᠠᠷ ᠬᠠᠮᠢᠶᠠᠷᠤᠭᠰᠠᠨ ᠤ ᠳᠠᠷᠠᠭ᠎ᠠ᠂ | ᠭᠠᠴᠠᠭᠠᠨ ᠤ ᠠᠷᠠᠳ ᠵᠥᠪᠬᠡᠨ ᠵᠣᠬᠢᠬᠤ ᠬᠡᠮᠵᠢᠶᠡᠨ ᠤ ᠨᠠᠶᠢᠳᠠᠯᠭ᠎ᠠ ᠪᠠᠷ ᠬᠠᠮᠢᠶᠠᠷᠬᠤ ᠦᠢᠯᠡᠴᠢᠯᠡᠭᠡᠨ ᠤ ᠰᠦᠢᠳᠬᠡᠯ | ᠬᠠᠩᠭᠠᠪᠠᠯ ᠬᠤᠷᠰᠢᠶ᠎ᠠ ᠨᠢ ᠳᠠᠷᠤᠢ ᠭᠠᠴᠠᠭᠠᠨ ᠤ ᠠᠷᠠᠳ ᠲᠤ ᠲᠠᠷᠢᠶᠠᠯᠠᠬᠤ᠂ ᠲᠠᠷᠢᠬᠤ᠂ ᠬᠤᠷᠢᠶᠠᠬᠤ᠂ ᠬᠠᠮᠢᠶᠠᠷᠬᠤ᠂ | ᠬᠤᠳᠠᠯᠳᠤᠬᠤ ︽ᠬᠡᠯᠬᠢᠶ᠎ᠡ ᠦᠢᠯᠡᠴᠢᠯᠡᠭᠡ︾ ᠬᠠᠩᠭᠠᠨ᠎ᠠ᠃ ᠲᠠᠭᠲᠠᠭᠠᠲᠤ ᠭᠠᠴᠠᠭᠠᠨ ᠤ ᠠᠷᠠᠳ ︽ᠭᠠᠷ ᠰᠠᠵᠢᠬᠤ | ᠵᠠᠩᠭᠤᠶᠢᠳᠠ︾ ᠪᠣᠯᠤᠭᠰᠠᠨ ᠤ ᠳᠠᠷᠠᠭ᠎ᠠ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠪᠠᠷ ᠳᠡᠮᠵᠢᠨ᠂ | ᠲᠠᠷᠢᠶᠠᠴᠢᠳ ᠤᠨ ᠮᠦ ᠪᠦᠷᠢ ᠶᠢᠨ ᠣᠷᠣᠯᠭ᠎ᠠ 100 ᠲᠥᠭᠦᠷᠢᠭ ᠣᠷᠴᠢᠮ ᠨᠡᠮᠡᠭᠳᠡᠪᠡ᠃ | ᠣᠶᠢᠯᠠᠭᠠᠭᠰᠠᠨ ᠢᠶᠠᠷ᠂ ᠵᠠᠷᠤᠳ ᠬᠤᠰᠢᠭᠤᠨ ᠤ ᠱᠤᠸᠠᠩ ᠯᠢ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ | 2014 ᠣᠨ ᠳᠤ ᠪᠠᠶᠢᠭᠤᠯᠤᠭᠳᠠᠵᠠᠢ᠃ ᠣᠶᠢᠷ᠎ᠠ ᠶᠢᠨ ᠵᠢᠯ ᠤᠳ ᠲᠤ ᠬᠤᠷᠰᠢᠶ᠎ᠠ ᠨᠢ ᠬᠡᠳᠦᠨ ᠲᠷᠠᠺᠲ᠋ᠣᠷ ᠪᠠ | ᠲᠠᠷᠢᠶᠠᠯᠠᠩ ᠤᠨ ᠮᠠᠰᠢᠨ ᠪᠠᠭᠠᠵᠢ ᠪᠠᠶᠢᠭᠰᠠᠨ ᠠᠴᠠ ᠠᠩᠬ᠎ᠠ ᠠᠯᠬᠤᠮ ᠬᠡᠪᠴᠢᠶᠡᠵᠢᠭᠰᠡᠨ ᠲᠠᠷᠢᠶᠠᠯᠠᠩ ᠤᠨ ᠮᠠᠰᠢᠨ ᠤ | ᠲᠤᠰᠬᠠᠢ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠣᠨ ᠬᠥᠭᠵᠢᠵᠦ᠂ ᠤᠳᠤ ᠡᠯ᠎ᠡ ᠲᠦᠷᠦᠯ ᠤᠨ | ᠲᠡᠷᠢᠭᠦᠨ ᠤ ᠴᠢᠳᠠᠪᠬᠢ ᠲᠠᠢ ᠮᠠᠰᠢᠨ ᠲᠥᠬᠦᠭᠡᠷᠦᠮᠵᠢ 80 ᠭᠠᠷᠤᠢ ᠢᠵᠢ ᠪᠣᠯᠵᠤ᠂ ᠤᠯᠠᠨ ᠰᠠᠣᠷᠢ ᠶᠡᠭᠡ ᠮᠣᠷᠢᠨ | ᠬᠦᠴᠦᠨ ᠤ ᠲᠷᠠᠺᠲ᠋ᠣᠷ᠂ ᠭᠠᠵᠠᠷ ᠤᠷᠪᠠᠭᠤᠯᠵᠤ ᠭᠦᠨ ᠰᠤᠯᠠᠷᠠᠭᠤᠯᠬᠤ ᠠᠨᠵᠢᠰᠤ᠂ ᠦᠷ᠎ᠡ ᠰᠠᠴᠤᠬᠤ ᠮᠠᠰᠢᠨ᠂ | ᠡᠪᠡᠰᠦ ᠪᠣᠭᠤᠵᠢᠯᠠᠬᠤ ᠮᠠᠰᠢᠨ᠂ ᠬᠥᠬᠡ ᠳᠠᠷᠣᠰᠢ ᠬᠤᠷᠢᠶᠠᠬᠤ ᠮᠠᠰᠢᠨ᠂ ᠡᠷᠳᠡᠨᠢ ᠰᠢᠰᠢ ᠵᠡᠷᠭᠡ ᠠᠮᠤ ᠪᠤᠳᠠᠭ᠎ᠠ | ᠬᠤᠷᠢᠶᠠᠬᠤ ᠮᠠᠰᠢᠨ᠂ ᠥᠨᠳᠥᠷ ᠵᠢᠶᠠᠰᠠ ᠲᠠᠢ ᠡᠮ ᠰᠦᠷᠴᠢᠬᠦ ᠲᠡᠷᠭᠡ᠂ ᠵᠢᠯᠣᠭᠤᠴᠢ ᠦᠭᠡᠢ ᠨᠢᠰᠬᠡᠯ ᠵᠡᠷᠭᠡ ᠪᠤᠢ᠃ | ᠪᠦᠬᠦ ᠶᠠᠪᠤᠴᠠ ᠳᠤ ᠲᠠᠷᠢᠶᠠᠴᠢᠳ ᠲᠤ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ | ᠦᠢᠯᠡᠳᠪᠦᠷᠢᠯᠡᠯ ᠤᠨ ᠳᠠᠷᠠᠭᠠᠬᠢ ᠬᠡᠯᠬᠢᠶ᠎ᠡ ᠦᠢᠯᠡᠴᠢᠯᠡᠭᠡ ᠶᠢ ᠬᠠᠩᠭᠠᠵᠤ ᠪᠣᠯᠣᠨ᠎ᠠ᠃ ᠪᠦᠬᠦ ᠲᠠᠯ᠎ᠠ ᠶᠢᠨ ᠰᠢᠯᠢᠳᠡᠭ | ᠦᠢᠯᠡᠴᠢᠯᠡᠭᠡ ᠨᠢ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠪᠠ᠃ | | | ᠱᠤᠸᠠᠩ ᠯᠢ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ︽ᠬᠤᠷᠰᠢᠶ᠎ᠠ + ᠲᠠᠷᠢᠶᠠᠴᠢᠨ ᠡᠷᠦᠬᠡ︾ ᠶᠢᠨ | ᠬᠠᠮᠲᠤ ᠪᠠᠷ ᠠᠰᠢᠭ ᠭᠥᠷᠳᠡᠬᠦ ᠵᠠᠭᠪᠤᠷ ᠪᠣᠯ ᠣᠳᠣᠬᠠᠨ ᠤ ᠵᠠᠷᠤᠳ ᠬᠤᠰᠢᠭᠤᠨ ᠤ ᠲᠠᠷᠢᠶᠠᠯᠠᠩ ᠤᠨ ᠬᠥᠭᠵᠢᠯᠲᠡ ᠶᠢᠨ | ᠨᠡᠶᠢᠲᠡᠯᠢᠭ ᠵᠢᠱᠢᠶ᠎ᠡ ᠪᠣᠯᠣᠨ᠎ᠠ᠃ ᠣᠳᠣᠬᠠᠨ ᠳᠤ᠂ ᠮᠠᠰᠢ ᠣᠯᠠᠨ ᠬᠤᠷᠰᠢᠶ᠎ᠠ ᠨᠢ ᠲᠠᠷᠢᠶᠠᠴᠢᠳ ᠲᠤ ᠪᠦᠬᠦ | ᠶᠠᠪᠤᠴᠠ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠳᠡᠶᠢᠯᠬᠦ ᠪᠠᠷ ᠪᠠᠷᠠᠬᠤ ᠦᠭᠡᠢ᠂ | ᠨᠡᠩ ᠴᠤ ᠵᠠᠬ᠎ᠠ ᠳᠡᠯᠭᠡᠭᠦᠷᠴᠢᠯᠡᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ᠦᠢᠯᠡᠴᠢᠯᠡᠭᠡ ᠪᠠ ᠦᠢᠯᠡᠳᠪᠦᠷᠢᠯᠡᠯ᠂ | ᠬᠠᠩᠭᠠᠯᠭ᠎ᠠ᠂ ᠪᠣᠷᠤᠯᠠᠭᠤᠯᠭ᠎ᠠ ᠶᠢᠨ ᠡᠯ᠎ᠡ ᠭᠤᠭᠴᠤᠭ᠎ᠠ ᠳᠤ ᠬᠦᠷᠲᠡᠯ᠎ᠡ ᠥᠷᠭᠡᠳᠬᠡᠵᠦ᠂ ᠲᠠᠷᠢᠶᠠᠴᠢᠨ ᠡᠷᠦᠬᠡ ᠶᠢᠨ | ᠰᠠᠶᠢᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ | ᠬᠤᠳᠠᠯᠳᠤᠨ ᠠᠪᠬᠤ ᠳᠤ ᠬᠦᠴᠦ ᠨᠡᠮᠡᠷᠢᠯᠡᠵᠦ᠂ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠪᠠᠭᠤᠷᠠᠬᠤ ᠶᠢ | ᠠᠬᠢᠭᠤᠯᠵᠤ᠂ ᠲᠠᠷᠢᠶᠠᠴᠢᠨ ᠡᠷᠦᠬᠡ ᠶᠢ ᠲᠣᠮᠣ ᠬᠡᠯᠪᠡᠷᠢ ᠶᠢᠨ ᠲᠡᠵᠢᠭᠡᠯ ᠪᠣᠷᠳᠣᠭᠠᠨ ᠤ ᠺᠣᠮᠫᠠᠨᠢ᠂ ᠲᠡᠵᠢᠭᠡᠪᠦᠷᠢ ᠶᠢᠨ | ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠢ ᠤᠯᠤᠰ ᠤᠨ ᠦᠮᠴᠢᠯᠡᠯᠲᠦ ᠠᠵᠤ ᠠᠬᠤᠶᠢᠯᠠᠯ ᠲᠠᠢ ᠵᠣᠯᠭᠠᠭᠤᠯᠬᠤ | ᠬᠥᠭᠦᠷᠭᠡ ᠶᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠢᠭᠡᠳᠦᠯᠲᠡᠢ ᠪᠣᠷᠣᠯᠠᠭᠤᠯᠬᠤ ᠶᠢ ᠠᠬᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠢ ᠦᠨᠳᠦᠷ ᠬᠠᠩᠰᠢ ᠪᠠᠷ ᠬᠤᠳᠠᠯᠳᠤᠵᠤ᠂ ᠲᠠᠷᠢᠶᠠᠴᠢᠳ ᠲᠤ ᠪᠣᠳᠠᠲᠠᠢ ᠠᠰᠢᠭ | ᠬᠦᠷᠲᠡᠭᠡᠬᠦ ᠶᠢ ᠦᠨᠡᠨᠬᠦ ᠪᠡᠶᠡᠯᠡᠭᠦᠯᠵᠦ᠂ ᠲᠠᠷᠢᠶᠠᠴᠢᠳ ᠤᠨ ᠳᠣᠮᠲᠠ ᠬᠤᠷᠰᠢᠶ᠎ᠠ ᠶᠢᠨ ᠢᠲᠡᠭᠡᠯ ᠢ ᠶᠡᠬᠡᠪᠡᠷ | ᠳᠡᠭᠡᠭᠰᠢᠯᠡᠭᠦᠯᠵᠦ᠂ ᠨᠡᠩ ᠤᠯᠠᠨ ᠲᠠᠷᠢᠶᠠᠴᠢᠨ ᠡᠷᠦᠬᠡ ᠶᠢ ᠳᠠᠶᠢᠴᠢᠯᠠᠨ ᠳᠠᠭᠠᠭᠤᠯᠵᠤ ᠤᠯᠠᠨ ᠲᠠᠯ᠎ᠠ ᠪᠠᠷ ᠭᠠᠷ | ᠬᠤᠯᠪᠣᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠡᠩᠨᠡᠭᠡ ᠳᠤ ᠣᠷᠣᠯᠴᠠᠭᠤᠯᠪᠠ᠃ |