1 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠵᠠᠰᠠᠭ | ᠵᠠᠬᠢᠷᠭᠠᠨ ᠤ ᠳᠠᠬᠢᠨ ᠵᠥᠪᠯᠡᠬᠦ ᠵᠤᠶᠢᠯ ᠢ ᠴᠢᠯᠦᠭᠡᠲᠡᠢ ᠪᠣᠯᠭᠠᠬᠤ ᠡᠳᠦᠷ︾ ᠤᠨ ᠠᠵᠢᠯᠯᠠᠭ᠎ᠠ ᠥᠷᠨᠢᠭᠦᠯᠵᠦ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢ ᠰᠤᠷᠤᠯᠴᠠᠨ ᠤᠬᠠᠭᠤᠯᠵᠤ | ᠲᠤᠤᠱᠯᠠᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ | ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠦᠷ᠎ᠡ ᠪᠦᠲᠦᠮᠵᠢ ᠶᠢ ᠳᠡᠯᠭᠡᠨ ᠦᠵᠡᠭᠦᠯᠪᠡ᠃ | ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ ᠵᠢᠴᠢ | ᠪᠦᠯᠤᠭ᠌ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯ ᠤᠨ ᠲᠥᠯᠥᠭᠡᠯᠡᠭᠴᠢ᠂ ᠬᠠᠤᠯᠢᠴᠢ ᠶᠢᠨ ᠲᠥᠯᠥᠭᠡᠯᠡᠭᠴᠢ᠂ | ᠵᠠᠭᠤᠴᠢᠯᠠᠭᠤᠷ ᠤᠨ ᠲᠥᠯᠥᠭᠡᠯᠡᠭᠴᠢ᠂ ᠣᠯᠠᠨ ᠲᠦᠮᠡᠨ ᠤ ᠲᠥᠯᠥᠭᠡᠯᠡᠭᠴᠢ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠲᠥᠯᠥᠭᠡᠯᠡᠭᠴᠢ ᠵᠡᠷᠭᠡ ᠤᠷᠢᠯᠭ᠎ᠠ ᠪᠠᠷ ᠠᠵᠢᠯᠯᠠᠭ᠎ᠠ ᠳᠤ ᠤᠷᠤᠯᠴᠠᠪᠠ᠃ | | | | | ᠠᠵᠢᠯᠯᠠᠭ᠎ᠠ ᠶᠢᠨ ᠳᠤᠮᠳᠠ᠂ ᠱᠠᠨ ᠬᠤᠸᠠ ᠴᠢ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠦᠨᠳᠦᠰᠦᠨ ᠬᠠᠤᠯᠢ ᠶᠢᠨ ᠣᠷᠳᠣᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠰᠢᠯᠭᠠᠯᠲᠠ ᠶᠢᠨ ᠲᠥᠪ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠵᠤᠶᠢᠯ ᠤᠨ ᠭᠡᠷᠡᠴᠢᠯᠡᠭᠡ ᠰᠣᠨᠣᠰᠬᠤ ᠰᠢᠭᠦᠨ ᠰᠢᠢᠳᠪᠦᠷᠢᠯᠡᠬᠦ ᠲᠠᠰᠤᠭ ᠵᠡᠷᠭᠡ ᠭᠠᠵᠠᠷ ᠢᠶᠠᠷ ᠲᠣᠭᠤᠷᠢᠨ | ᠦᠵᠡᠪᠡ᠃ ᠡᠭᠦᠨ ᠤ ᠬᠠᠮᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠤᠶᠢᠯ ᠤᠨ ᠤᠬᠠᠭᠤᠯᠭ᠎ᠠ ᠶᠢᠨ ᠹᠢᠯᠢᠮ ᠢ | ᠦᠵᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠤᠶᠢᠯ ᠤᠨ ᠠᠵᠢᠯ ᠤᠨ ᠲᠠᠯᠠᠪᠤᠷ ᠤᠨ ᠵᠢᠷᠤᠮᠵᠢᠭᠰᠠᠨ | ᠪᠠᠶᠢᠭᠤᠯᠤᠯᠲᠠ ᠶᠢᠨ ᠪᠠᠶᠢᠳᠠᠯ᠂ ᠳᠠᠬᠢᠨ ᠵᠥᠪᠯᠡᠬᠦ ᠠᠵᠢᠯᠲᠠᠨ ᠤ ᠡᠳᠦᠷ ᠲᠤᠲᠤᠮ ᠤᠨ ᠬᠡᠷᠡᠭ ᠰᠢᠢᠳᠪᠦᠷᠢᠯᠡᠵᠦ | ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠨᠡᠶᠢᠭᠡᠮ ᠤᠨ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠲᠠᠯ᠎ᠠ ᠪᠠᠷ ᠦᠵᠡᠭᠦᠯᠦᠭᠰᠡᠨ ᠴᠢᠬᠤᠯᠠ ᠦᠢᠯᠡᠳᠦᠯ ᠢ ᠰᠢᠭᠤᠳ ᠣᠶᠢᠯᠠᠭᠠᠪᠠ᠃ | | | | | ᠳᠠᠷᠠᠭ᠎ᠠ ᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠱᠠᠨ ᠬᠤᠸᠠ ᠴᠢ | ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠵᠠᠰᠠᠭ ᠵᠠᠬᠢᠷᠭᠠᠨ ᠤ | ᠳᠠᠬᠢᠨ ᠵᠥᠪᠯᠡᠬᠦ ᠠᠵᠢᠯ ᠤᠨ ᠤᠳᠤᠷᠢᠳᠤᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠤᠰᠢᠭᠤᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠢ ᠨᠠᠶᠢᠳᠠᠪᠤᠷᠢᠵᠢᠭᠤᠯᠤᠨ᠂ | ᠨᠠᠮ ᠤᠨ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠠᠵᠢᠯ ᠳᠤ ᠬᠢᠨᠠᠯᠲᠠ ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠭᠦᠨ | ᠰᠢᠢᠳᠪᠦᠷᠢᠯᠡᠬᠦ ᠪᠥᠬᠦ ᠶᠠᠪᠤᠴᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠳᠣᠣᠷ᠎ᠠ | ᠪᠠᠶᠢᠯᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠢᠯᠡ ᠪᠠᠷ ᠥᠷᠨᠢᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠳᠠᠬᠢᠨ ᠵᠥᠪᠯᠡᠬᠦ ᠬᠡᠷᠡᠭ ᠤᠨ ᠳᠤᠮᠳᠠ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠤᠯᠢ ᠬᠡᠷᠡᠭᠵᠢᠭᠦᠯᠬᠦ | ᠠᠵᠢᠯ ᠤᠨ ᠪᠣᠳᠠᠲᠠᠢ ᠰᠤᠳᠤᠯᠭᠠᠨ ᠢ ᠴᠢᠩᠭᠠᠳᠬᠠᠨ᠂ ᠲᠠᠰᠤᠷᠠᠯᠲᠠ ᠦᠭᠡᠢ ᠠᠰᠠᠭᠤᠳᠠᠯ ᠢ ᠡᠷᠢᠬᠦ᠂ ᠠᠰᠠᠭᠤᠳᠠᠯ ᠢ | ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ | ᠮᠥᠨ ᠴᠢᠨᠠᠷ ᠤᠨ ᠳᠠᠪᠰᠢᠯᠲᠠ ᠲᠠᠢ ᠪᠤᠯᠬᠤ ᠶᠢ ᠠᠬᠢᠭᠤᠯᠬᠤ ᠬᠡᠷᠡᠭᠲᠡᠢ᠃ ᠬᠢᠨᠠᠯᠲᠠ ᠲᠠᠯᠪᠢᠬᠤ ᠴᠢᠳᠠᠮᠵᠢ ᠪᠠᠨ | ᠪᠠᠳᠠᠷᠠᠭᠤᠯᠵᠤ᠂ ᠲᠠᠬᠢᠨ ᠵᠥᠪᠯᠡᠵᠦ ᠬᠢᠨᠠᠯᠲᠠ ᠲᠠᠯᠪᠢᠬᠤ ᠪᠠᠷ ᠳᠠᠮᠵᠢᠭᠤᠯᠤᠨ᠂ ᠬᠠᠤᠯᠢ ᠪᠠᠷ ᠵᠠᠰᠠᠬᠤ ᠦᠵᠡᠯᠲᠡ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠨ ᠵᠢᠷᠤᠮᠵᠢᠭᠤᠯᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠬᠠᠮᠠᠭᠠᠯᠠᠬᠤ ᠬᠡᠷᠡᠭᠲᠡᠢ ᠭᠡᠪᠡ᠃ | | | | | ᠱᠠᠨ ᠬᠤᠸᠠ ᠴᠢ ᠱᠠᠭᠠᠷᠳᠠᠭᠰᠠᠨ ᠨᠢ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ | ᠵᠠᠪᠠᠯ ᠨᠡᠬᠡᠮᠵᠢᠯᠡᠬᠦ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠠᠯᠬᠤᠮ ᠲᠠᠷᠠᠭ᠎ᠠ ᠶᠢ ᠵᠢᠷᠤᠮᠯᠠᠨ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠲᠥᠪ ᠴᠢᠩᠭ᠎ᠠ | ᠴᠢᠨᠠᠷ ᠢ ᠪᠠᠲᠤᠯᠠᠬᠤ ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠲᠤᠬᠠᠢ ᠶᠢᠨ ᠬᠥᠮᠥᠨ ᠤ | ᠠᠩᠬᠠᠷᠴᠤ ᠪᠠᠶᠢᠭ᠎ᠠ ᠭᠤᠣᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠵᠢᠭ ᠲᠠᠢ ᠵᠦᠢᠯ ᠪᠠ ᠬᠦᠴᠢᠷ | ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠬᠥᠮᠥᠨ ᠲᠠᠢ ᠢᠳᠡᠪᠬᠢᠲᠡᠢ ᠪᠠᠷ ᠨᠡᠪᠲᠡᠷᠡᠯᠴᠡᠨ᠂ ᠬᠦᠯᠢᠴᠡᠩᠭᠦᠢ ᠪᠠᠷ | ᠨᠠᠷᠢᠨ ᠨᠢᠮᠪᠠᠢ ᠲᠠᠶᠢᠯᠪᠤᠷᠢᠯᠠᠵᠤ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠠᠯ᠎ᠠ ᠪᠠᠷ ᠡᠷᠴᠢᠮ ᠲᠠᠢ ᠮᠥᠷᠲᠡᠭᠡᠨ ᠬᠠᠯᠠᠭᠤᠨ ᠳᠤᠯᠠᠭᠠᠨ | ᠪᠠᠶᠢᠯᠭᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠡᠩᠨᠡᠭᠡ ᠶᠢᠨ ᠵᠢᠩᠬᠢᠨᠢᠴᠢᠯᠡᠬᠦ᠂ ᠲᠤᠰᠬᠠᠶᠢᠵᠢᠭᠤᠯᠬᠤ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠢ | ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠲᠥᠷᠥ ᠶᠢᠨ ᠬᠡᠪ ᠴᠢᠨᠠᠷ᠂ ᠬᠠᠤᠯᠢ | ᠴᠠᠭᠠᠵᠠ ᠶᠢᠨ ᠬᠡᠪ ᠴᠢᠨᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠬᠠᠤᠯᠢ ᠴᠠᠭᠠᠵᠠ ᠶᠢᠨ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠠᠤᠯᠢ | ᠴᠠᠭᠠᠵᠠ ᠶᠢᠨ ᠴᠢᠳᠠᠪᠤᠷᠢᠲᠠᠨ ᠤ ᠨᠥᠭᠡᠴᠡ ᠶᠢ ᠥᠷᠭᠡᠳᠬᠡᠨ᠂ ᠪᠥᠬᠦ ᠬᠤᠰᠢᠭᠤᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ ᠠᠵᠢᠯ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠳᠠᠢ ᠭᠡᠪᠡ᠃ | ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠠᠴᠠ ᠪᠥᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠦᠪᠯᠡᠭᠰᠡᠨ ᠵᠤᠶᠢᠯ ᠤᠨ ᠠᠵᠢᠯ ᠢᠶᠠᠨ ᠬᠠᠷᠢᠭᠤ ᠮᠡᠳᠡᠭᠦᠯᠪᠡ | ︔ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠢ ᠰᠠᠶᠢᠨ ᠰᠠᠨᠠᠯ ᠰᠠᠨᠠᠭᠤᠯᠭ᠎ᠠ ᠳᠤᠷᠠᠳᠪᠠ᠃ | |