ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠄ ᠴᠢᠳᠠᠪᠤᠷᠢᠲᠠᠨ ᠢ ᠵᠣᠯᠭᠠᠭᠤᠯᠬᠤ ᠳᠤ ᠬᠦᠴᠦ ᠨᠡᠮᠡᠷᠢᠯᠡᠵᠦ  ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠬᠤᠣᠰ ᠠᠮᠵᠢᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/1/10
    ︽ᠦᠢᠯᠡᠴᠢᠯᠡᠬᠦ︾ ᠵᠣᠷᠢᠯᠲᠠ ᠶᠢ ᠤᠯᠠᠮ ᠨᠢᠭᠡ ᠠᠯᠬᠤᠮ ᠳᠣᠪᠤᠶᠢᠯᠭᠠᠵᠤ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠲᠥᠷᠬᠦᠮ ᠤᠨ ᠬᠥᠮᠥᠨ︾ ᠤ ᠳᠦᠷᠢ ᠲᠥᠷᠬᠦ ᠪᠠᠷ ᠬᠥᠭᠦᠷᠭᠡ ᠲᠠᠯᠪᠢᠬᠤ ᠬᠤᠯᠪᠣᠭᠠᠰᠤ ᠪᠣᠯᠭᠠᠵᠤ᠂ ᠬᠠᠮᠤᠷᠬᠤ ᠬᠡᠪᠴᠢᠶ᠎ᠡ ᠪᠠᠷ ᠥᠷᠭᠡᠨ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠰᠤᠷᠭᠠᠭᠤᠯᠢ ᠪᠠ ᠠᠵᠤ ᠠᠬᠤᠶᠢᠯᠠᠯ ᠬᠠᠮᠲᠣᠷᠠᠭᠰᠠᠨ ᠲᠠᠪᠴᠠᠩ ᠢ ᠪᠠᠶᠢᠭᠤᠯᠬᠤ ᠪᠠᠷ ᠬᠠᠷᠠᠯᠲᠠ ᠪᠠᠶᠢᠷᠢ ᠲᠣᠭᠲᠠᠭᠠᠯᠲᠠ ᠪᠣᠯᠭᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃
2017aaf595d0abb1fc38dfb3af66310.jpg
    1 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠬᠢᠨ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢ ᠹᠧᠩ ᠸᠧᠨ  ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠬᠠᠮᠲᠤᠷᠠᠨ ᠯᠦᠪᠸᠢ ᠠᠵᠤ ᠦᠢᠯᠡᠰ ᠤᠨ ᠲᠣᠭᠤᠷᠢᠭ ᠤᠨ ᠵᠠᠷᠤᠳ ᠬᠤᠰᠢᠭᠤᠨ ᠤ ᠬᠠᠢ ᠳ᠋ᠢ ᠯᠣᠤ ᠢᠳᠡᠭᠡᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠬᠢᠮᠢ ᠶᠢᠨ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ ᠵᠢᠴᠢ ᠯᠦᠪᠸᠢ ᠠᠵᠤ ᠦᠢᠯᠡᠰ ᠤᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠰᠤᠷᠭᠠᠭᠤᠯᠢ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ︽ᠠᠵᠤ ᠠᠬᠤᠶᠢᠯᠠᠯ ᠤᠨ ᠬᠡᠷᠡᠭᠴᠡᠭᠡ᠂ ᠰᠣᠷᠣᠭᠴᠢ ᠶᠢᠨ ᠪᠤᠳᠤᠵᠤ ᠰᠠᠨᠠᠵᠤ ᠪᠠᠶᠢᠭ᠎ᠠ ᠵᠦᠢᠯ᠂ ᠠᠵᠤ ᠠᠬᠤᠶᠢᠯᠠᠯ ᠬᠢᠵᠦ  ᠪᠣᠯᠬᠤᠶᠢᠴᠠ᠂ ᠰᠤᠷᠭᠠᠭᠤᠯᠢ ᠬᠡᠷᠡᠭᠵᠢᠭᠦᠯᠵᠦ ᠪᠣᠯᠬᠤᠶᠢᠴᠠ︾ ᠳᠥᠷᠪᠡᠨ ᠲᠠᠯ᠎ᠠ ᠶᠢᠨ ᠲᠣᠭᠤᠷᠢᠨ ᠳᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠳᠤᠮᠳᠠᠬᠢ ︽ᠮᠡᠳᠡᠭᠡ ᠵᠠᠩᠭᠢ ᠪᠣᠲᠠᠲᠠᠢ ᠪᠢᠰᠢ᠂ ᠵᠣᠯᠭᠠᠯᠴᠠᠭ᠎ᠠ ᠨᠢ ᠣᠨᠣᠴᠠᠲᠠᠢ ᠪᠢᠰᠢ ᠪᠠ  ᠠᠵᠢᠯ ᠲᠥᠷᠦᠯ ᠪᠠ ᠰᠣᠷᠣᠭᠰᠠᠨ ᠮᠡᠷᠭᠡᠵᠢᠯ ᠵᠣᠬᠢᠴᠠᠯᠳᠤᠬᠤ ᠦᠭᠡᠢ︾ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠣᠨᠣᠴᠠᠲᠠᠢ ᠪᠠᠷ ᠰᠣᠯᠢᠯᠴᠠᠨ ᠵᠣᠯᠭᠠᠭᠤᠯᠬᠤ ᠲᠠᠪᠴᠠᠩ ᠪᠠᠶᠢᠭᠤᠯᠵᠤ᠂ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠪᠥᠬᠦ ᠬᠤᠰᠢᠭᠤᠨ ᠤ ᠠᠵᠢᠯᠴᠢᠨ ᠬᠡᠷᠡᠭᠯᠡᠬᠦ ᠠᠵᠤ ᠠᠬᠤᠶᠢᠯᠠᠯ ᠲᠠᠢ ︽ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ︾ ᠪᠠᠶᠢᠯᠳᠤᠬᠤ ᠪᠣᠳᠣᠯᠭ᠎ᠠ ᠶᠢᠨ ᠬᠡᠯᠡᠯᠴᠡᠭᠡᠷ ᠲᠣᠭᠲᠠᠬᠤ ᠶᠢ ᠢᠳᠡᠪᠬᠢᠲᠡᠢ ᠠᠬᠢᠭᠤᠯᠵᠤ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠠ ᠠᠵᠢᠯ ᠮᠡᠷᠭᠡᠵᠢᠯ ᠤᠨ ᠰᠤᠷᠭᠠᠭᠤᠯᠢ ᠳᠤ ᠰᠠᠶᠢᠨ ᠰᠠᠶᠢᠬᠠᠨ ᠵᠣᠯᠭᠠᠭᠤᠯᠬᠤ ᠲᠠᠪᠴᠠᠩ ᠪᠠᠶᠢᠭᠤᠯᠤᠨ ᠥᠭᠴᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠨ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂  ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号