ᠦᠨᠡᠭᠡᠴᠢ ᠰᠤᠮᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2024/1/11
     1 ᠰᠠᠷ᠎ᠠ ᠶᠢᠨ 9  ᠤ ᠡᠳᠦᠷ᠂ ᠦᠨᠡᠭᠡᠴᠢ ᠰᠤᠮᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠪᠠ ᠸᠢᠴᠠᠲ ᠤᠨ ᠪᠦᠯᠦᠭ ᠤᠨ ᠤᠬᠠᠭᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠱᠠᠯᠢᠭ ᠵᠠᠪᠬᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠶᠢᠨ ᠴᠢᠬᠤᠯᠠ ᠴᠢᠨᠠᠷ᠂ ᠬᠠᠤᠯᠢ ᠪᠤᠰᠤ ᠬᠡᠪᠯᠡᠭᠳᠡᠬᠦᠨ ᠢ ᠢᠯᠭᠠᠨ ᠲᠠᠨᠢᠬᠤ ᠤᠷ᠎ᠠ ᠮᠡᠷᠭᠡᠵᠢᠯ ᠵᠡᠷᠭᠡ ᠮᠡᠳᠡᠯᠭᠡ ᠶᠢ ᠤᠯᠠᠨ ᠲᠦᠮᠡᠨ ᠳᠤ ᠲᠠᠨᠢᠯᠴᠠᠭᠤᠯᠪᠠ᠂ ᠵᠢᠴᠢ ᠤᠯᠠᠨ ᠲᠦᠮᠡᠨ ᠢ ᠲᠠᠶᠢᠴᠢᠯᠠᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠯᠪᠣᠭᠳᠠᠯ ᠪᠦᠬᠦᠢ ᠠᠵᠢᠯ ᠳᠤ ᠢᠳᠡᠪᠬᠢᠲᠡᠢ ᠣᠷᠣᠯᠴᠠᠭᠤᠯᠵᠤ᠂ ᠬᠠᠤᠯᠢ ᠪᠤᠰᠤ ᠬᠡᠪᠯᠡᠭᠳᠡᠬᠦᠨ ᠪᠠ ᠬᠤᠣᠷ ᠬᠥᠨᠥᠭᠡᠯ ᠲᠠᠢ ᠮᠡᠳᠡᠭᠡ ᠵᠠᠩᠭᠢ ᠵᠢᠴᠢ ᠡᠷᠡᠭᠦᠯ ᠪᠤᠰᠤ ᠰᠦᠯᠵᠢᠶᠡᠨ ᠤ ᠦᠷᠳᠡᠭᠡ ᠶᠢ ᠤᠬᠠᠮᠰᠠᠷ ᠠᠴᠠ ᠪᠠᠨ ᠡᠰᠡᠷᠭᠦᠴᠡᠨ ᠲᠡᠪᠴᠢᠵᠦ᠂ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠨᠤᠮ ᠪᠢᠴᠢᠭ᠂ ᠱᠠᠯᠢᠭ ᠵᠠᠪᠬᠠᠢ ᠨᠤᠮ ᠪᠢᠴᠢᠭ ᠵᠡᠷᠭᠡ ᠡᠯ᠎ᠡ ᠲᠦᠷᠦᠯ ᠤᠨ ᠬᠠᠤᠯᠢ ᠪᠤᠰᠤ ᠬᠡᠪᠯᠡᠭᠳᠡᠬᠦᠨ ᠢ ᠤᠬᠠᠮᠰᠠᠷ ᠠᠴᠠ ᠪᠠᠨ ᠡᠰᠡᠷᠭᠦᠴᠡᠨ ᠲᠡᠪᠴᠢᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠪᠡ᠃     
微信图片_20240111102511.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号