ᠢᠦᠢ ᠯᠢᠩ ᠬᠤᠤ ᠦᠯᠵᠡᠶᠢᠮᠦ᠋ᠷᠡᠨ ᠰᠤᠮᠤᠨ ᠳᠤ ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/1/11
    1 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠤ ᠬᠠᠮᠲᠤ ᠶᠠᠪᠣᠭᠰᠠᠳ ᠲᠠᠢ ᠪᠠᠨ  ᠦᠯᠵᠡᠶᠢᠮᠦ᠋ᠷᠡᠨ ᠰᠤᠮᠤᠨ ᠳᠤ ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠂ ᠰᠤᠮᠤᠨ ᠤ ᠭᠤᠣᠯ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃     ᠢᠦᠢ ᠯᠢᠩ ᠬᠤᠤ ᠤᠷᠢᠳ ᠬᠤᠵᠢᠳ ᠶᠠᠨ ᠲᠠᠢ ᠱᠠᠨ ᠲᠣᠰᠬᠤᠨ ᠤ ᠮᠠᠯ ᠲᠡᠵᠢᠭᠡᠬᠦ ᠬᠤᠷᠰᠢᠶ᠎ᠠ᠂ ᠮᠤᠤᠡᠦ᠋ᠬᠢᠨ  ᠤ ᠦᠵᠡᠭᠦᠯᠦᠯᠭᠡ ᠶᠢᠨ ᠲᠢᠩᠬᠢᠮ᠂ ᠦᠯᠵᠡᠶᠢᠮᠦ᠋ᠷᠡᠨ ᠰᠤᠷᠭᠠᠭᠤᠯᠢ᠂ ᠤᠯᠠᠭᠠᠨ ᠲᠤᠭ ᠵᠢᠭᠠᠰᠤᠨ ᠲᠠᠯᠠᠪᠠᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠨᠡᠪᠲᠡᠷᠡᠯᠴᠡᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠤᠯᠠᠮᠵᠢᠯᠠᠯᠲᠤ ᠰᠣᠶᠣᠯ᠂ ᠪᠤᠳᠠᠰ ᠤᠨ ᠪᠤᠰᠤ ᠰᠤᠶᠣᠯ ᠤᠨ ᠥᠪ ᠢ ᠵᠠᠯᠭᠠᠮᠵᠢᠯᠠᠬᠤ ᠵᠡᠷᠭᠡ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠵᠢᠯᠤᠭᠤᠳᠬᠤ ᠴᠢᠨᠠᠷᠲᠠᠢ ᠰᠠᠨᠠᠯ ᠳᠣᠷᠠᠳᠪᠠ᠃     ᠢᠦᠢ ᠯᠢᠩ ᠬᠤᠤ ᠵᠢᠭᠠᠪᠣᠷᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠬᠢ ᠡᠯ᠎ᠡ ᠲᠠᠯ᠎ᠠ ᠶᠢᠨ ᠬᠦᠴᠢᠷᠳᠡᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠲᠡᠵᠢᠭᠡᠨ ᠦᠷᠡᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠰᠦᠪᠡᠭᠴᠢᠯᠡᠵᠦ᠂ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ᠃ ᠰᠣᠶᠣᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠬᠠᠮᠠᠭᠠᠯᠠᠬᠤ ᠶᠢ ᠴᠢᠬᠤᠯᠠᠴᠢᠯᠠᠬᠤ᠂ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠬᠤ᠂ ᠴᠢᠳᠠᠮᠠᠭᠠᠢ ᠪᠠᠷ ᠠᠰᠢᠭᠯᠠᠬᠤ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠰᠣᠶᠣᠯ ᠤᠨ ᠡᠬᠢ ᠪᠠᠶᠠᠯᠢᠭ ᠢ ᠭᠦᠨᠵᠡᠭᠡᠢ᠂ ᠪᠦᠬᠦ ᠲᠠᠯ᠎ᠠ ᠪᠠᠷ᠂ ᠨᠠᠷᠢᠨ ᠨᠢᠮᠪᠠᠢ ᠡᠮᠬᠢᠯᠡᠵᠦ ᠂ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠭᠠᠴᠠᠭᠠᠨ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ ᠵᠡᠷᠭᠡ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠡᠯ᠎ᠡ ᠠᠵᠢᠯ ᠲᠦᠷᠦᠯ᠂ ᠡᠯ᠎ᠡ ᠬᠦᠷᠢᠶ᠎ᠡ ᠴᠠᠷ᠎ᠠ᠂ ᠡᠯ᠎ᠡ ᠳᠠᠪᠬᠤᠷᠭ᠎ᠠ ᠳᠤ ᠨᠡᠪᠴᠢᠭᠦᠯᠬᠦ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠢᠶᠠᠨ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠰᠡᠳᠬᠢᠴᠡ ᠪᠠᠨ ᠥᠷᠭᠡᠳᠬᠡᠵᠦ᠂ ᠪᠣᠳᠠᠰ ᠤᠨ ᠪᠤᠰᠤ ᠰᠣᠶᠣᠯ ᠤᠨ ᠥᠪ ᠢ ᠤᠳᠤ ᠦᠶ᠎ᠡ ᠶᠢᠨ ᠬᠦᠴᠦᠨ ᠵᠦᠢᠯ ᠲᠠᠢ ᠤᠶᠠᠯᠳᠤᠭᠤᠯᠵᠤ᠂ ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠣᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠤᠳᠠᠰ ᠤᠨ ᠪᠣᠰᠤ ᠰᠣᠶᠤᠯ ᠤᠨ ᠥᠪ ᠤᠨ ᠦᠢᠯᠡᠰ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠪᠡ᠃     ᠳᠠᠷᠠᠭ᠎ᠠ ᠨᠢ᠂ ᠢᠦᠢ ᠯᠢᠩ ᠬᠤᠤ ᠤᠯᠠᠭᠠᠨ ᠲᠤᠭ ᠵᠢᠭᠠᠰᠤᠨ ᠲᠠᠯᠠᠪᠠᠢ ᠳᠤ ᠬᠦᠷᠴᠦ᠂ ᠲᠦᠩᠯᠢᠶᠣᠣ ᠬᠤᠲᠠ ᠶᠢᠨ ᠠᠩᠬᠠᠳᠤᠭᠠᠷ ᠬᠤᠭᠤᠴᠠᠭᠠᠨ ᠤ ︽ᠡᠪᠦᠯ ᠤᠨ ᠵᠢᠭᠠᠰᠤ ᠠᠩᠨᠠᠬᠤ ᠪᠠᠶᠠᠷ︾  ᠤᠨ  ᠠᠬᠤᠢ ᠲᠠᠯᠠᠪᠠᠢ ᠶᠢ ᠪᠠᠶᠢᠴᠠᠭᠠᠨ ᠦᠵᠡᠪᠡ᠂ ᠲᠡᠷᠡ ᠴᠢᠬᠤᠯᠠᠴᠢᠯᠠᠭᠰᠠᠨ ᠨᠢ᠂ ᠲᠠᠯᠠᠪᠠᠢ ᠶᠢᠨ ᠪᠠᠶᠢᠷᠢᠯᠠᠭᠤᠯᠤᠯᠲᠠ ᠵᠢᠴᠢ ᠲᠥᠯᠦᠪᠵᠢᠭᠦᠯᠭᠡ ᠶᠢ ᠴᠢᠩᠭᠠᠳᠬᠠᠵᠤ᠂ ᠦᠨᠴᠦᠭ ᠪᠤᠯᠤᠩ ᠦᠯᠡᠳᠡᠭᠡᠯ ᠦᠭᠡᠢ ᠠᠷᠢᠭᠤᠨ ᠴᠡᠪᠡᠷ ᠪᠠᠶᠢᠯᠭᠠᠵᠤ᠂ ᠡᠪᠦᠯ ᠤᠨ ᠵᠢᠭᠠᠰᠤ ᠠᠩᠨᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠪᠠᠲᠤᠯᠠᠵᠤ᠂ ᠵᠠᠭᠤᠴᠢᠯᠠᠭᠤᠷ ᠤᠬᠠᠭᠤᠯᠭ᠎ᠠ ᠶᠢ ᠰᠠᠶᠢᠲᠤᠷ ᠬᠢᠵᠦ᠂ ᠵᠠᠷᠣᠳ ᠤᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号