︽ᠬᠠᠤᠯᠢ ᠪᠠᠷ ᠵᠠᠰᠠᠬᠤ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾ ᠭᠡᠬᠦ ᠨᠠᠷᠠᠲᠤ ᠲᠥᠷᠥᠯ | ᠲᠡᠮᠳᠡᠭᠲᠦ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ | ᠲᠦᠮᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠴᠠᠭᠠᠵᠠ ᠶᠢᠨ ᠦᠵᠡᠯᠲᠡ ᠶᠢ ᠴᠢᠩᠭᠠᠳᠬᠠᠬᠤ ᠶᠢᠨ | ᠲᠥᠯᠥᠭᠡ᠂ 1 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠢᠷᠭᠡᠨ ᠤ | ᠬᠡᠷᠡᠭ ᠤᠨ ᠲᠢᠩᠬᠢᠮ ᠤᠨ ᠺᠠᠳ᠋ᠷ ᠴᠠᠭᠳᠠᠭ᠎ᠠ ᠢᠦᠢ ᠯᠦᠩ ᠨᠡᠶᠢᠭᠡᠮ ᠲᠣᠭᠤᠷᠢᠭ ᠲᠤ ᠬᠦᠷᠴᠦ᠂ ︽ᠬᠠᠤᠯᠢ | ᠴᠠᠭᠠᠵᠠ ᠶᠢ ᠨᠡᠶᠢᠭᠡᠮ ᠲᠣᠭᠤᠷᠢᠭ ᠲᠤ ᠬᠦᠷᠭᠡᠬᠦ ᠦᠢᠯᠡᠴᠢᠯᠡᠭᠡ ᠶᠢ ᠤᠶᠢᠷ᠎ᠠ ᠬᠤᠪᠢ ᠳᠤ ᠨᠢ ᠬᠦᠷᠭᠡᠬᠦ︾ ᠪᠠᠷ ᠭᠤᠣᠯ | ᠰᠡᠳᠦᠪ ᠪᠣᠯᠭᠠᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | ᠲᠤᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠨᠢ ︽ | ᠬᠠᠤᠯᠢ ᠴᠠᠭᠠᠵᠠ ᠠᠷᠠᠳ ᠤᠨ ᠠᠮᠢᠳᠤᠷᠠᠯ ᠳᠤ ᠦᠢᠯᠡᠴᠢᠯᠡᠬᠦ︾ ᠪᠠᠷ ᠭᠤᠣᠯ ᠠᠭᠤᠯᠭ᠎ᠠ ᠪᠣᠯᠭᠠᠵᠤ᠂ ᠢᠷᠭᠡᠨ ᠤ | ᠬᠡᠷᠡᠭ ᠤᠨ ᠲᠢᠩᠬᠢᠮ ᠤᠨ ᠳᠡᠳ᠋ ᠳᠠᠷᠤᠭ᠎ᠠ ᠴᠧᠨ ᠮᠧᠶ ᠬᠠᠤᠯᠢ ᠶᠢᠨ ᠲᠤᠰᠢᠶᠠᠯᠲᠠᠨ ᠠᠴᠠ ᠰᠠᠭᠤᠭᠠᠯᠢ ᠠᠷᠠᠳ ᠤᠨ | ᠪᠣᠳᠠᠲᠤ ᠠᠮᠢᠳᠤᠷᠠᠯ ᠳᠤ ᠣᠶᠢᠷᠠᠲᠤᠭᠰᠠᠨ ᠬᠠᠤᠯᠢ ᠴᠠᠭᠠᠵᠠ ᠶᠢᠨ ᠠᠰᠠᠭᠤᠳᠠᠯ ᠤᠨ ᠲᠣᠭᠤᠷᠢᠨ ᠳᠤ᠂ ᠨᠡᠶᠢᠲᠡᠯᠢᠭ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠤᠨ ᠵᠢᠱᠢᠶ᠎ᠡ ᠪᠠᠷ ᠬᠠᠤᠯᠢ ᠶᠢ ᠲᠠᠶᠢᠯᠪᠤᠷᠢᠯᠠᠬᠤ ᠬᠡᠯᠪᠡᠷᠢ ᠪᠠᠷ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠷᠠᠳ ᠤᠨ ᠬᠤᠭᠤᠷᠣᠨᠳᠣᠬᠢ ᠵᠢᠭᠡᠯᠡᠯᠭᠡ᠂ ᠨᠠᠰᠤᠵᠢᠯ ᠤᠨ | ᠠᠰᠠᠷᠠᠮᠵᠢ ᠶᠢᠨ ᠮᠦᠩᠬᠦ ᠶᠢᠨ ᠮᠡᠬᠡᠯᠡᠯ ᠢ ᠰᠡᠷᠭᠡᠶᠢᠯᠡᠬᠦ ᠲᠠᠢ ᠬᠤᠯᠪᠣᠭᠳᠠᠬᠤ ᠬᠠᠤᠯᠢ ᠴᠠᠭᠠᠵᠠ ᠶᠢᠨ ᠮᠡᠳᠡᠯᠭᠡ ᠶᠢ | ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ ᠥᠭᠭᠦᠭᠰᠡᠨ ᠪᠥᠭᠡᠳ ᠠᠬᠤᠢ ᠲᠠᠯᠠᠪᠤᠷ ᠲᠤ ᠠᠰᠠᠭᠤᠯᠲᠠ | ᠳᠤᠷᠠᠳᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠤᠨ ᠮᠠᠳᠠᠭ ᠲᠠᠢ | ᠠᠰᠠᠭᠤᠳᠠᠯ ᠢ ᠤᠯᠠᠮ ᠨᠢᠭᠡ ᠠᠯᠬᠤᠮ ᠲᠠᠶᠢᠯᠪᠤᠷᠢᠯᠠᠨ ᠥᠭᠴᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠠᠰᠠᠭᠤᠳᠠᠯ ᠤᠨ ᠲᠤᠬᠠᠢ ᠯᠠᠪᠯᠠᠯᠭ᠎ᠠ ᠳᠤ ᠬᠠᠷᠢᠭᠤᠯᠲᠠ ᠥᠭᠭᠦᠭᠰᠡᠨ ᠪᠠᠶᠢᠨ᠎ᠠ᠃ ᠠᠵᠢᠯᠯᠠᠭ᠎ᠠ ᠳᠠᠭᠤᠰᠤᠭᠰᠠᠨ ᠤ | ᠳᠠᠷᠠᠭ᠎ᠠ᠂ ᠺᠠᠳ᠋ᠷ ᠴᠠᠭᠳᠠᠭ᠎ᠠ ᠨᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ | ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ᠃ | | | | | ᠡᠨᠡ ᠬᠦ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠤᠯᠵᠦ᠂ | ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠡᠶᠢᠮᠦᠷᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠬᠦ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠡᠨᠡ | ᠨᠢ ᠬᠠᠤᠯᠢ ᠶᠢ ᠰᠤᠷᠴᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠵᠦ ᠴᠢᠳᠠᠬᠤ ᠪᠠᠷ | ᠪᠠᠷᠠᠬᠤ ᠦᠭᠡᠢ ᠪᠠᠰᠠ ᠪᠣᠯᠪᠠᠰᠤᠨ ᠨᠡᠶᠢᠭᠡᠮ ᠲᠣᠭᠤᠷᠢᠭ᠂ ᠬᠠᠤᠯᠢ ᠪᠠᠷ ᠵᠠᠰᠠᠭᠰᠠᠨ ᠨᠡᠶᠢᠭᠡᠮ ᠲᠣᠭᠤᠷᠢᠭ ᠢ ᠪᠦᠲᠦᠭᠡᠨ | ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠴᠢᠳᠠᠨ᠎ᠠ ᠭᠡᠪᠡ᠃ | | | | | ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠭᠤᠯᠭ᠎ᠠ ᠪᠠᠷ | ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠦᠢᠯᠡᠴᠢᠯᠡᠭᠡ | ᠬᠠᠩᠭᠠᠬᠤ ᠠᠷᠭ᠎ᠠ ᠮᠠᠶ᠋ᠢᠭ ᠪᠠ ᠠᠷᠭ᠎ᠠ ᠵᠠᠮ ᠢᠶᠠᠨ ᠥᠷᠭᠡᠳᠬᠡᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ︽ | ᠡᠩ ᠤᠨ ᠠᠷᠠᠳ ᠤᠨ ᠭᠡᠷ ᠲᠤ ᠬᠦᠷᠭᠡᠵᠦ︾᠂ ᠠᠷᠠᠳ ᠣᠯᠠᠨ ᠤ ᠬᠠᠤᠯᠢ ᠴᠠᠭᠠᠵᠠ ᠶᠢᠨ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠭᠡᠪᠡ᠃ |