ᠼᠦᠢ ᠯᠧᠢ ᠯᠧᠢ ᠪᠦᠯᠬᠦᠮ ᠳᠠᠭᠠᠭᠤᠯᠤᠨ ᠪᠠᠶᠠᠨᠲᠠᠯ᠎ᠠ ᠰᠤᠮᠤᠨ ᠳᠤ ᠬᠦᠷᠴᠦ ᠪᠦᠬᠦ ᠬᠤᠰᠢᠭᠤᠨ ᠤ ᠡᠪᠦᠯ ᠤᠨ ᠤᠯᠠᠷᠢᠯ ᠤᠨ ᠲᠣᠭᠤᠷᠢᠨ ᠪᠠᠶᠢᠴᠠᠭᠠᠬᠤ ᠪᠣᠯᠪᠠᠰᠤᠷᠠᠯ ᠬᠢᠪᠡ
ᠨᠡᠶᠢᠲᠡᠯᠡᠭᠰᠡᠨ ᠴᠠᠭ᠄
2024/1/12
    1 ᠰᠠᠷ᠎ᠠ ᠶᠢᠨ 10 ᠤ ᠡᠳᠦᠷ᠂ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠪᠦᠯᠬᠦᠮ ᠳᠠᠭᠠᠭᠤᠯᠤᠨ᠂ ᠪᠠᠶᠠᠨᠲᠠᠯ᠎ᠠ ᠰᠤᠮᠤᠨ ᠳᠤ ᠬᠦᠷᠴᠦ ᠪᠦᠬᠦ ᠬᠤᠰᠢᠭᠤᠨ ᠤ ᠡᠪᠦᠯ ᠤᠨ ᠤᠯᠠᠷᠢᠯ ᠤᠨ ᠲᠣᠭᠤᠷᠢᠨ  ᠪᠠᠶᠢᠴᠠᠭᠠᠬᠤ ᠪᠣᠯᠪᠠᠰᠣᠷᠠᠯ ᠵᠢᠴᠢ 2023 ᠣᠨ ᠤ ᠲᠠᠷᠢᠶᠠᠯᠠᠩ ᠤᠨ ᠬᠦᠷᠢᠶ᠎ᠡ ᠴᠠᠷ᠎ᠠ ᠳᠠᠬᠢ ᠭᠤᠣᠯᠳᠠᠯᠭ᠎ᠠ ᠲᠠᠢ ᠠᠵᠢᠯ ᠤᠨ ᠬᠢᠨᠠᠨ ᠰᠢᠯᠭᠠᠵᠤ ᠦᠨᠡᠯᠡᠬᠦ ᠬᠤᠷᠠᠯ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠠᠯᠪᠠᠨ ᠭᠡᠷ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠶᠠᠪᠤᠳᠠᠯ ᠤᠨ ᠲᠣᠪᠴᠢᠶ᠎ᠠ᠂ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ᠂ ᠠᠭᠤᠯᠠ ᠤᠰᠤᠨ ᠤ ᠠᠵᠢᠯ ᠤᠨ ᠠᠯᠪᠠᠨ ᠭᠡᠷ ᠵᠡᠷᠭᠡ ᠨᠢᠭᠡᠴᠡ ᠶᠢᠨ ᠤᠳᠤᠷᠢᠳᠤᠯᠭ᠎ᠠ ᠣᠷᠣᠯᠴᠠᠵᠤ᠂ ᠰᠤᠮᠤ ᠶᠢᠨ ᠭᠤᠣᠯ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃     ᠼᠦᠢ ᠯᠧᠢ ᠯᠧᠢ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠬᠠᠷᠢᠶ᠎ᠠ ᠣᠷᠣᠨ ᠤ ᠪᠠᠷᠠᠭᠤᠨ ᠪᠠᠶᠠᠨᠲᠠᠯ᠎ᠠ ᠲᠣᠰᠬᠤᠨ ᠤ ᠨᠠᠷᠢᠮᠤ ᠠᠮᠤ ᠪᠣᠯᠪᠠᠰᠤᠷᠠᠭᠤᠯᠬᠤ ᠦᠢᠯᠡᠳᠪᠦᠷᠢ᠂ ᠴᠢᠩ ᠯᠦᠩ ᠭᠧᠦ ᠲᠣᠰᠬᠤᠨ ᠤ ᠳᠣᠯᠠᠭᠠᠨ ᠬᠦᠯᠡᠮᠵᠢ ᠶᠢᠨ ᠬᠤᠷᠰᠢᠶ᠎ᠠ᠂ ᠬᠤᠩ ᠭᠤᠸᠠᠩ ᠲᠣᠰᠬᠤᠨ ᠤ ᠠᠭᠤᠯᠠ ᠤᠰᠤᠨ ᠤ ᠲᠦᠷᠦᠯ ᠵᠦᠢᠯ ᠤᠨ ᠢᠨᠵᠧᠨᠧᠷᠢᠩ ᠤᠨ ᠠᠬᠤᠢ ᠲᠠᠯᠠᠪᠠᠢ᠂ ᠵᠡᠭᠦᠨ ᠪᠠᠶᠠᠨᠲᠠᠯ᠎ᠠ ᠲᠣᠰᠬᠤᠨ ᠤ   ᠲᠡᠵᠢᠭᠡᠪᠦᠷᠢ ᠶᠢᠨ ᠲᠤᠰᠬᠠᠢ ᠬᠤᠷᠰᠢᠶ᠎ᠠ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠵᠦ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠰᠤᠮᠤ ᠶᠢᠨ ᠦᠬᠡᠷ ᠤᠨ ᠠᠵᠤ ᠦᠢᠯᠡᠰ ᠤᠨ ᠬᠥᠭᠵᠢᠯᠲᠡ᠂ ᠪᠡᠯᠡᠳᠭᠡᠮᠵᠢᠳᠤ ᠲᠠᠷᠢᠶᠠᠯᠠᠩ᠂ ᠠᠭᠤᠯᠠ ᠤᠰᠤᠨ ᠤ ᠲᠥᠷᠥᠯ ᠵᠦᠢᠯ ᠤᠨ ᠵᠠᠰᠠᠯᠲᠠ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃     ᠼᠦᠢ ᠯᠧᠢ ᠯᠧᠢ ᠴᠢᠬᠤᠯᠠᠴᠢᠯᠠᠭᠰᠠᠨ ᠨᠢ᠂ ᠨᠢᠭᠡ ᠳᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠪᠣᠶᠢᠵᠢᠭᠤᠯᠤᠯᠲᠠ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠲᠤᠷᠰᠢᠯᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠪᠡᠯᠡ ᠮᠥᠩᠭᠦ ᠪᠠ ᠲᠥᠷᠥᠯ ᠵᠦᠢᠯ ᠣᠯᠵᠤ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠷᠢᠶᠠᠯᠠᠩ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ ᠠᠯᠠᠰᠢᠨ ᠦᠬᠡᠷ ᠤᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠠᠬ᠎ᠠ ᠳᠡᠯᠭᠡᠭᠦᠷ ᠤᠨ ᠬᠤᠪᠢᠷᠠᠯᠲᠠ ᠶᠢ ᠰᠠᠨᠠᠭᠠᠴᠢᠯᠠᠭ᠎ᠠ  ᠠᠴᠠ ᠪᠠᠨ ᠳᠠᠭᠠᠵᠤ᠂ ᠲᠣᠰ ᠭᠠᠵᠠᠷ ᠣᠷᠣᠨ ᠪᠠᠶᠢᠷᠢ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠤᠬᠠᠭᠤᠯᠭ᠎ᠠ᠂ ᠪᠣᠯᠪᠠᠰᠤᠷᠠᠭᠤᠯᠤᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠦᠬᠡᠷ ᠲᠡᠵᠢᠭᠡᠬᠦ ᠢᠲᠡᠭᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠬᠡᠷ ᠤᠨ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠨᠡᠮᠡᠭᠳᠡᠯ ᠢ ᠠᠬᠢᠭᠤᠯᠬᠤ ᠬᠡᠷᠡᠭᠲᠡᠢ᠃ ᠭᠤᠷᠪᠠ ᠳᠤ ᠪᠡᠯᠡᠳᠭᠡᠮᠵᠢᠳᠤ ᠲᠠᠷᠢᠶᠠᠯᠠᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠳᠣᠬᠠᠨ ᠤ  ᠬᠡᠷᠬᠡᠨᠡᠭ ᠮᠦᠭᠦ  ᠪᠣᠶᠢᠵᠢᠭᠤᠯᠣᠭᠰᠠᠨ ᠠᠮᠵᠢᠯᠲᠠᠲᠠᠢ ᠲᠤᠷᠰᠢᠯᠭ᠎ᠠ ᠪᠠᠨ ᠭᠦᠢᠴᠡᠳ ᠲᠦᠰᠢᠭᠯᠡᠨ᠂ ᠤᠯᠠᠮ ᠨᠢᠭᠡ ᠠᠯᠬᠤᠮ ᠪᠦᠲᠦᠮᠵᠢᠲᠡᠶ ᠪᠥᠭᠡᠳ ᠪᠣᠯᠣᠮᠵᠢᠲᠠᠢ ᠲᠥᠰᠥᠯ ᠢ ᠵᠢᠷᠤᠮᠵᠢᠭᠤᠯᠤᠨ ᠲᠣᠭᠲᠠᠭᠠᠵᠤ᠂ ᠬᠥᠭᠵᠢᠯᠲᠡ ᠶᠢᠨ ᠲᠠᠯᠳᠠ ᠬᠦᠴᠦᠨ ᠲᠠᠢ ᠲᠠᠷᠢᠶᠠᠴᠢᠨ ᠡᠷᠤᠭᠡ ᠶᠢ ᠬᠥᠲᠥᠯᠥᠨ ᠵᠢᠯᠤᠭᠤᠳᠬᠤ ᠪᠠ ᠲᠠᠶᠢᠴᠢᠯᠠᠵᠤ ᠪᠠᠶᠢᠭᠠᠳ ᠲᠡᠭᠦᠨ ᠢ ᠲᠠᠲᠠᠨ ᠣᠷᠣᠭᠤᠯᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠶ ᠪᠠᠷ ᠠᠬᠢᠭᠤᠯᠬᠤ ᠬᠡᠷᠡᠭᠲᠡᠢ᠃ ᠳᠥᠷᠪᠡ ᠳᠤ᠂ ᠤᠰᠤᠨ ᠠᠰᠢᠭᠯᠠᠯᠲᠠ ᠶᠢᠨ ᠬᠥᠭᠵᠢᠯᠲᠡ᠂ ᠤᠢ ᠰᠢᠭᠤᠢ ᠨᠣᠲᠤᠭ ᠪᠡᠯᠴᠢᠭᠡᠷ ᠤᠨ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠡᠬᠢ ᠠᠴᠠ ᠨᠢ ᠵᠠᠰᠠᠬᠤ ᠶᠢ ᠴᠢᠩᠭᠠᠳᠬᠠᠵᠤ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠪᠣᠯᠣᠨ ᠳᠠᠯᠲᠠ ᠭᠡᠮ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨᠬᠦ ᠬᠥᠮᠥᠨ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号