| ᠰᠠᠯᠬᠢᠨ ᠤ ᠠᠶ᠎ᠠ ᠪᠠᠷ ᠳᠠᠷᠪᠠᠭᠤᠯ ᠢᠶᠠᠨ ᠬᠡᠶᠢᠰᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠰᠢᠨ᠎ᠡ ᠬᠠᠭᠤᠳᠠᠰᠤ ᠶᠢ ᠪᠢᠴᠢᠭᠯᠡᠶ᠎ᠡ᠃ 1 ᠰᠠᠷ᠎ᠠ ᠶᠢᠨ 17 ᠤ ᠦᠳᠡ ᠶᠢᠨ ᠡᠮᠦᠨ᠎ᠡ᠂ ᠵᠠᠷᠤᠳ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠬᠤᠰᠢᠭᠤᠨ ᠤ ᠤᠬᠠᠭᠤᠯᠭ᠎ᠠ ᠰᠣᠶᠣᠯ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ | ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ᠂ ᠲᠥᠪ ᠬᠢᠴᠢᠶᠡᠩᠭᠦᠢ ᠪᠠᠶᠢᠪᠠ᠂ | ᠲᠡᠷᠢᠭᠦᠯᠡᠭᠴᠢ ᠶᠢᠨ ᠲᠠᠶᠢᠰᠠᠨ ᠤ ᠬᠥᠰᠢᠭᠡ ᠶᠢᠨ ᠭᠤᠣᠯ ᠳᠤᠮᠳᠠᠬᠢ ᠤᠯᠤᠰ ᠤᠨ ᠰᠦᠯᠳᠡ ᠬᠤᠷᠴᠠ ᠤᠯᠠᠭᠠᠨ | ᠲᠤᠭ ᠤᠨ ᠲᠤᠰᠤᠯᠲᠠ ᠳᠣᠣᠷ᠎ᠠ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠪᠥᠬᠦ ᠬᠤᠰᠢᠭᠤᠨ ᠤ ᠡᠯ᠎ᠡ ᠠᠵᠢᠯ | ᠲᠥᠷᠥᠯ᠂ ᠡᠯ᠎ᠡ ᠹᠷᠣᠨᠲ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠥᠬᠦ | ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠᠷ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ | ᠪᠠ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ | ᠂ ᠬᠦᠴᠦ ᠪᠠᠨ ᠲᠥᠪᠯᠡᠷᠡᠭᠦᠯᠦᠨ ᠵᠠᠷᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦᠶᠢᠴᠡ | ᠬᠥᠭᠵᠢᠯᠲᠡ ᠶᠢᠨ ᠰᠢᠨ᠎ᠡ ᠪᠠᠶᠢᠳᠠᠯ ᠢ ᠨᠡᠬᠡᠬᠡᠨ᠎ᠡ᠃ | | | ᠱᠤᠤ ᠶᠠᠨ ᠵᠢᠶᠦ᠋ᠨ᠂ ᠪᠦᠦ ᠸᠧᠨ ᠯᠠᠨ᠂ ᠦ᠋ ᠴᠢᠩ ᠬᠠᠢ᠂ ᠯᠢᠦ ᠶᠦᠩ᠂ ᠶᠠᠩ ᠽᠢ ᠴᠢᠶᠠᠩ᠂ ᠯᠢᠦ ᠰᠢ ᠯᠢᠨ᠂ | ᠪᠦᠦ ᠯᠦᠩ᠂ ᠵᠠᠩ ᠴᠦᠨ ᠬᠤᠢ᠂ ᠶᠠᠩ ᠵᠧᠨ ᠴᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ | ᠰᠠᠭᠠᠲᠠᠪᠠ᠃ | ᠮᠦ ᠲᠢᠶᠧ ᠮᠢᠨ᠂ ᠶᠣᠣ ᠼᠠᠢ ᠶᠠᠨ᠂ ᠰᠦᠸᠧ ᠮᠢᠩ ᠢᠦᠢ᠂ ᠭᠦᠸᠧ ᠶᠠ ᠹᠧᠩ᠂ ᠦ᠋ ᠫᠧᠩ ᠹᠧᠢ᠂ ᠢᠦᠢ | ᠯᠢᠩ ᠬᠤᠤ᠂ ᠯᠢ ᠯᠧᠢ᠂ ᠢᠦᠢ ᠬᠠᠢ ᠪᠦᠦ᠂ ᠳ᠋ᠢᠩ ᡁᠢ ᠭᠠᠩ᠂ ᠼᠦᠢ ᠯᠧᠢ ᠯᠧᠢ᠂ ᠱᠠᠨ ᠬᠤᠸᠠ ᠴᠢ᠂ ᠵᠠᠩ ᠯᠢ | ᠭᠦᠸᠧ᠂ ᠫᠠᠨ ᠫᠧᠩ ᠹᠧᠢ᠂ ᠮᠦᠩᠭᠦᠨᠬᠤᠸᠠᠷ᠂ ᠦ᠋ ᠰᠢᠶᠣᠣ᠂ ᠳ᠋ᠠᠢ ᠪᠦᠦ ᠯᠢᠨ᠂ ᠸᠠᠩ ᠴᠧᠩ᠂ ᠲᠤᠩᠭᠠᠯᠠᠭ᠂ | ᠴᠢᠦᠢ ᠶᠧ ᠬᠤᠩ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠭᠡᠰᠢᠭᠦᠳ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠦᠯᠦᠭᠡᠯᠡᠭᠴᠢ 196 ᠨᠡᠷᠡᠰ᠂ ᠲᠣᠰ ᠤᠳᠠᠭᠠᠨ ᠤ ᠪᠥᠬᠦᠳᠡ | ᠬᠤᠷᠠᠯᠳᠤᠭᠠᠨ ᠳᠤ 181 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ | ᠨᠡᠶᠢᠴᠡᠨ᠎ᠡ᠃ | ᠶᠡᠭᠡ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠦ᠋ ᠴᠢᠩ ᠬᠠᠢ ᠡᠷᠭᠢᠯᠡᠵᠦ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠡᠬᠢᠯᠡᠭᠰᠡᠨ ᠢ ᠵᠠᠷᠯᠠᠪᠠ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠰᠦᠷ | ᠵᠢᠪᠬᠤᠯᠠᠩᠲᠤ ᠬᠦᠭ ᠠᠶᠠᠰ ᠪᠦᠬᠦ ᠲᠠᠯᠠᠪᠠᠢ ᠳᠤ ᠴᠤᠤᠷᠢᠶᠠᠲᠤᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠬᠢᠪᠡ᠃ ᠢᠯᠡᠳᠭᠡᠯ ᠢ ᠨᠢᠭᠡ ᠳᠤ 2023 ᠣᠨ ᠤ ᠠᠵᠢᠯ ᠤᠨ ᠡᠷᠭᠢᠴᠡᠭᠦᠯᠦᠯ︔ ᠬᠤᠶᠠᠷ ᠲᠤ 2024 ᠣᠨ ᠤ | ᠭᠤᠣᠯᠳᠠᠯᠭ᠎ᠠ ᠲᠠᠢ ᠠᠵᠢᠯ︔ ᠭᠤᠷᠪᠠ ᠳᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠶ᠎ᠠ ᠭᠡᠬᠦ ᠭᠤᠷᠪᠠᠨ ᠬᠡᠰᠡᠭ ᠬᠤᠪᠢᠶᠠᠨ᠎ᠠ᠃ | ᠪᠦᠦ ᠸᠧᠨ ᠯᠠᠨ ᠢᠯᠡᠷᠬᠡᠶᠢᠯᠡᠭᠰᠡᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠭᠰᠠᠨ ᠡᠬᠢᠯᠡᠯᠲᠡ ᠶᠢᠨ ᠵᠢᠯ ᠮᠥᠨ᠂ ᠮᠦᠨᠴᠦ ᠵᠠᠷᠣᠳ ᠤᠨ | ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ᠂ ᠵᠠᠩᠭᠢᠯᠠᠭ᠎ᠠ ᠶᠢᠨ ᠨᠢᠭᠡ ᠵᠢᠯ ᠮᠥᠨ᠃ ᠠᠵᠤ | ᠠᠬᠤᠢ ᠶᠢ ᠰᠡᠷᠭᠦᠭᠡᠬᠦ ᠣᠯᠠᠨ ᠳᠠᠪᠬᠤᠷ ᠬᠦᠴᠢᠷᠳᠡᠯ ᠪᠠ ᠥᠭᠡᠷᠡᠴᠢᠯᠡᠯᠲᠡ ᠬᠥᠭᠵᠢᠯᠲᠡ ᠶᠢᠨ ᠬᠦᠨᠳᠤ ᠬᠠᠲᠠᠭᠤᠵᠢᠯᠲᠠᠢ | ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠭᠤᠣᠯ | ᠰᠡᠳᠦᠪᠲᠦ ᠬᠥᠮᠦᠵᠢᠯ ᠢ ᠥᠷᠨᠢᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠦᠪᠡᠷᠲᠡᠬᠡᠨ ᠵᠠᠰᠠᠬᠤ ᠣᠷᠣᠨ ᠤ ︽ | ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ | ᠬᠠᠷᠠᠯᠲᠠ ᠶᠢᠨ ᠲᠣᠭᠤᠷᠢᠨ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠶᠡᠷᠦ | ᠪᠤᠰᠤ ᠶᠢᠨ ᠴᠢᠷᠮᠠᠶᠢᠯᠭ᠎ᠠ ᠭᠠᠷᠭᠠᠵᠤ᠂ ᠲᠦᠯᠦᠪᠯᠡᠭᠰᠡᠨ ᠠᠴᠠ ᠭᠠᠳᠠᠭᠤᠷ ᠦᠷ᠎ᠡ ᠪᠦᠲᠦᠮᠵᠢ ᠣᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠯᠠᠪᠳᠠᠭᠤᠨ ᠪᠠᠲᠤᠲᠠᠢ ᠠᠬᠢᠪᠠ ᠭᠡᠪᠡ᠃ | ᠢᠯᠡᠳᠬᠡᠯ ᠳᠠᠭᠠᠨ ᠵᠢᠷᠭᠤᠭᠠᠨ ᠲᠠᠯ᠎ᠠ ᠠᠴᠠ 2023 ᠣᠨ ᠤ ᠨᠢᠭᠡ ᠵᠢᠯ ᠤᠨ ᠠᠵᠢᠯ ᠢ ᠳ᠋ᠦᠩᠨᠡᠪᠡ᠃ ᠨᠢᠭᠡ ᠳᠤ | ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠰᠠᠭᠤᠷᠢ ᠶᠢ ᠨᠡᠩ | ᠪᠠᠲᠤᠳᠬᠠᠪᠠ︔ ᠬᠤᠶᠠᠷ ᠲᠤ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠶᠢᠨ | ᠰᠠᠭᠤᠷᠢ ᠶᠢ ᠨᠡᠩ ᠪᠠᠲᠤᠳᠬᠠᠪᠠ︔ ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠥᠪᠯᠡᠷᠡᠭᠦᠯᠦᠨ ᠪᠠᠳᠠᠷᠠᠭᠤᠯᠪᠠ︔ ᠳᠥᠷᠪᠡ ᠳᠤ ᠵᠣᠬᠢᠴᠠᠩᠭᠤᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠠᠮᠢᠳᠣᠷᠠᠯ ᠤᠨ ᠴᠢᠨᠠᠷ ᠴᠢᠨᠰᠠᠭ᠎ᠠ ᠳᠡᠭᠡᠭᠰᠢᠯᠡᠨ ᠲᠠᠰ | ᠳᠡᠪᠰᠢᠪᠡ︔ ᠲᠠᠪᠤ ᠳᠤ ᠠᠷᠠᠳ ᠤᠨ ᠠᠮᠢᠳᠤᠷᠠᠯ ᠢ ᠴᠢᠬᠤᠯᠠᠴᠢᠯᠠᠬᠤ ᠶᠢ ᠪᠠᠷᠢᠮᠲᠠᠯᠠᠵᠤ᠂ ᠨᠡᠶᠢᠭᠡᠮ ᠤᠨ ᠶᠡᠭᠡ ᠲᠠᠯ᠎ᠠ ᠶᠢ | ᠨᠡᠩ ᠡᠶ᠎ᠡ ᠵᠣᠬᠢᠴᠠᠯ ᠲᠠᠢ ᠪᠣᠯᠭᠠᠪᠠ︔ ᠵᠢᠷᠭᠤᠭ᠎ᠠ ᠳᠤ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ | ᠪᠠᠷᠢᠮᠲᠠᠯᠠᠵᠤ᠂ ᠵᠠᠰᠠᠭ ᠤᠨ ᠣᠷᠳᠣᠨ ᠤ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠪᠦᠦ ᠸᠧᠨ ᠯᠠᠨ ᠢᠯᠡᠳᠬᠡᠯ ᠤᠨ ᠡᠴᠦᠰ ᠲᠤ᠂ ᠠᠷᠠᠳ ᠲᠦᠮᠡᠨ ᠤ ᠨᠠᠶᠢᠳᠠᠯᠭ᠎ᠠ ᠬᠦᠨᠲᠤ᠂ ᠡᠭᠦᠷᠭᠡ | ᠬᠠᠷᠢᠭᠤᠴᠠᠯᠭ᠎ᠠ ᠮᠥᠷᠥᠨ ᠳᠡᠭᠡᠷ᠎ᠡ ᠪᠤᠢ᠂ ᠵᠦᠪᠬᠡᠨ ᠬᠠᠷᠢᠭᠤᠴᠠᠯᠭ᠎ᠠ ᠪᠠᠨ ᠡᠭᠦᠷᠭᠡᠯᠡᠨ ᠵᠣᠷᠢᠭᠲᠠᠢ ᠲᠡᠮᠡᠴᠡᠬᠦ ᠬᠡᠷᠡᠭᠲᠡᠢ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ | ᠲᠡᠰᠪᠦᠷᠢ ᠬᠠᠲᠠᠭᠤᠵᠢᠯᠲᠠᠢ᠂ ᠡᠷᠡᠯᠬᠡᠭᠯᠡᠨ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠪᠣᠴᠠᠬᠤ ᠦᠭᠡᠢ︾ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠰ ᠰᠢᠭᠤᠷᠬᠠᠢ ᠪᠠᠷ ᠠᠵᠢᠯᠯᠠᠵᠤ᠂ ᠨᠠᠩ ᠶᠡᠭᠡ | ᠡᠷᠴᠢᠮ ᠪᠠ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ | ᠠᠬᠢᠭᠤᠯᠵᠤ᠂ ︽ᠰᠢᠨ᠎ᠡ ᠵᠠᠮ ᠨᠡᠬᠡᠬᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤᠮᠳᠠ | ᠣᠳᠣᠬᠢᠴᠢᠯᠠᠭᠰᠠᠨ ᠵᠠᠷᠣᠳ ᠤᠨ ᠴᠢᠨᠠᠷ ᠰᠠᠶᠢᠲᠠᠢ ᠬᠥᠭᠵᠢᠯᠲᠡ ᠶᠢᠨ ᠴᠤ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠶ᠎ᠡ︕ ᠭᠡᠵᠦ ᠢᠯᠡᠷᠬᠡᠶᠢᠯᠡᠪᠡ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠲᠣᠯᠠᠨ | ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠭᠦᠢᠴᠡᠳᠭᠡᠭᠰᠡᠨ ᠪᠠᠶᠢᠳᠠᠯ | ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠳᠡᠭᠰᠡᠨ ᠲᠥᠷᠥᠯ ᠵᠦᠢᠯ ᠤᠨ | ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ︔ ᠵᠠᠷᠤᠳ ᠬᠤᠰᠢᠭᠤᠨ ᠤ 2023 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ | ᠲᠥᠰᠥᠯ︶ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ︔ ᠵᠠᠷᠤᠳ ᠬᠤᠰᠢᠭᠤᠨ ᠤ 2023 ᠣᠨ ᠤ ᠡᠳ᠋ ᠤᠨ | ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠵᠢᠴᠢ 2024 ᠣᠨ ᠤ ᠡᠳ᠋ ᠤᠨ ᠵᠠᠰᠠᠭ ᠤᠨ ᠲᠥᠰᠥᠪ ︵ | ᠲᠥᠰᠥᠯ︶ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ︔ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠦᠯᠦᠯᠲᠡ ᠶᠢ ᠬᠢᠨᠠᠨ ᠵᠦᠪᠯᠡᠪᠡ᠃ | ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ ᠪᠠ ᠵᠠᠷᠤᠳ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠠᠴᠠ ᠬᠢᠨᠠᠨ ᠲᠣᠭᠲᠠᠭᠠᠭᠰᠠᠨ ᠰᠤᠯᠠ ᠣᠷᠣᠯᠴᠠᠭᠰᠠᠳ ᠵᠢᠴᠢ ᠤᠯᠤᠰ ᠲᠦᠷᠦ ᠶᠢᠨ | ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ | ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠲᠤᠰ ᠤᠳᠠᠭᠠᠨ ᠤ ᠬᠤᠷᠠᠯᠳᠤᠭᠠᠨ ᠳᠤ ᠰᠤᠯᠠ ᠣᠷᠣᠯᠴᠠᠪᠠ᠃ | | | |