ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/1/19
     1 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠳᠤ᠂ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ᠠᠯᠪᠠᠨ ᠭᠡᠷ ᠤᠨ ᠬᠠᠷᠢᠯᠴᠠᠬᠤ ᠳᠤᠭᠤᠶᠢᠯᠠᠩ ᠤᠨ ᠨᠢᠭᠡᠳᠦᠭᠡᠷ ᠳᠤᠭᠤᠶᠢᠯᠠᠩ ᠤᠨ ᠳᠡᠳ᠋ ᠳᠠᠷᠤᠭ᠎ᠠ ᠲᠢᠶᠠᠨ ᠬᠤᠩ ᠵᠢᠶᠦ᠋ᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠵᠡᠷᠭᠡ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠬᠤᠷᠠᠯ ᠳᠤ ᠰᠤᠯᠠ ᠣᠷᠣᠯᠴᠠᠪᠠ᠃      
微信图片_20240119100428.jpg
      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠢᠨ ᠡᠨᠡ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠬᠠᠷᠢᠯᠴᠠᠬᠤ ᠳᠤᠭᠤᠶᠢᠯᠠᠩ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠰᠡᠳᠬᠢᠯ ᠤᠨ ᠦᠭᠡ ᠪᠠᠨ ᠭᠦᠨᠵᠡᠭᠡᠢ ᠦᠨᠡᠨᠴᠢ ᠪᠠᠷ ᠶᠠᠷᠢᠯᠴᠠᠵᠤ᠂ ᠭᠦᠨᠵᠡᠭᠡᠢ ᠬᠠᠷᠢᠴᠠᠭᠤᠯᠤᠨ ᠪᠠᠶᠢᠴᠠᠭᠠᠵᠤ᠂ ᠡᠨᠡ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠪᠠ᠃     
微信图片_20240119100418.jpg
    ᠬᠤᠷᠠᠯ ᠠᠴᠠ ᠡᠩ ᠲᠡᠷᠢᠭᠦᠨ ᠳᠤ 2022 ᠣᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠳᠡᠪᠡ᠃ ᠳᠠᠷᠠᠭ᠎ᠠ ᠨᠢ᠂ ᠱᠤᠤ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢᠶᠠᠨ ᠲᠥᠯᠥᠭᠡᠯᠡᠨ ᠪᠠᠶᠢᠴᠠᠭᠠᠨ ᠵᠠᠳᠠᠯᠤᠯᠲᠠ ᠬᠢᠵᠦ᠂ ᠪᠤᠰᠤᠳ ᠪᠠᠶᠢᠩᠭᠤ ᠶᠢᠨ ᠬᠤᠷᠢᠶ᠎ᠠ ᠶᠢᠨ ᠨᠥᠬᠦᠳ ᠳᠡᠰ ᠳᠠᠷᠠᠭ᠎ᠠ ᠲᠠᠢ ᠪᠠᠷ ᠪᠠᠶᠢᠴᠠᠭᠠᠨ ᠵᠠᠳᠠᠯᠤᠯᠲᠠ ᠬᠢᠭᠰᠡᠨ ᠪᠥᠭᠡᠳ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠬᠢᠪᠡ᠃      ᠮᠡᠷᠭᠡᠨᠪᠠᠳᠤ ᠦᠨᠡᠯᠡᠬᠦ ᠳᠡᠭᠡᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠨᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪ ᠤᠨ ᠲᠣᠭᠤᠷᠢᠨ ᠳᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠭᠦᠨᠵᠡᠭᠡᠢ ᠪᠠᠶᠢᠴᠠᠭᠠᠨ ᠭᠠᠷᠭᠠᠨ᠂ ᠰᠢᠯᠲᠠᠭᠠᠨ ᠢᠶᠠᠨ ᠭᠦᠨᠵᠡᠭᠡᠢ ᠵᠠᠳᠠᠯᠤᠨ ᠰᠢᠨᠵᠢᠯᠡᠵᠦ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠦᠵᠡᠯ ᠰᠠᠨᠠᠭ᠎ᠠ ᠪᠠᠨ ᠰᠣᠯᠢᠯᠴᠠᠬᠤ᠂ ᠪᠦᠯᠬᠦᠮᠳᠡᠯ ᠢᠶᠠᠨ ᠴᠢᠩᠭᠠᠳᠬᠠᠬᠤ᠂ ᠬᠦᠴᠦᠨ ᠢᠶᠠᠨ ᠨᠢᠭᠲᠠᠷᠠᠭᠤᠯᠬᠤ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠴᠦ᠂ ᠬᠠᠷᠢᠯᠴᠠᠨ ᠬᠥᠮᠥᠵᠢᠭᠦᠯᠬᠦ᠂ ᠬᠠᠷᠢᠯᠴᠠᠨ ᠰᠡᠩᠬᠡᠷᠡᠭᠦᠯᠬᠦ᠂ ᠬᠠᠷᠢᠯᠴᠠᠨ ᠰᠡᠷᠡᠮᠵᠢᠯᠡᠬᠦ ᠰᠠᠶᠢᠨ ᠦᠷ᠎ᠡ ᠪᠦᠲᠦᠮᠵᠢ ᠣᠯᠪᠠ᠃ ᠬᠤᠰᠢᠭᠤᠨ ᠨᠠᠮ ᠤᠨ ᠬᠤᠷᠢᠶᠠᠨ ᠤ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠰᠤᠨ ᠲᠤᠷᠰᠢᠲᠠ ᠶᠢᠨ ᠰᠡᠳᠦᠪ ᠪᠣᠯᠭᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠢ ᠰᠤᠷᠤᠯᠴᠠᠬᠤ ᠶᠢ ᠪᠠᠷᠢᠮᠲᠠᠯᠠᠨ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠪᠠᠶᠢᠭᠤᠯᠤᠯᠭ᠎ᠠ ᠶᠢᠨ ᠴᠤᠭᠴᠠᠯᠠᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠢᠶᠠᠨ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠤᠰ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯᠳᠤ ᠠᠮᠢᠳᠤᠷᠠᠯ ᠤᠨ ᠬᠤᠷᠠᠯ ᠢᠶᠠᠷ ᠲᠠᠮᠵᠢᠨ ᠨᠢᠭᠲᠠᠷᠠᠭᠤᠯᠤᠭᠰᠠᠨ ᠦᠵᠡᠯ ᠰᠠᠨᠠᠭ᠎ᠠ ᠦᠢᠯᠡ ᠠᠵᠢᠯᠯᠠᠭ᠎ᠠ᠂ ᠰᠤᠷᠲᠠᠯ ᠢᠶᠠᠨ ᠤᠬᠠᠮᠰᠠᠷ ᠠᠴᠠ ᠪᠠᠨ ᠵᠠᠷᠤᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ᠂ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠷᠤᠳ  ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃     
微信图片_20240119100423.jpg
    ᠱᠤᠤ ᠶᠠᠨ ᠵᠢᠶᠦ᠋ᠨ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ︽ᠬᠤᠶᠠᠷ ᠢ ᠬᠠᠮᠠᠭᠠᠯᠠᠬᠤ︾ ᠶᠢ ᠢᠮᠠᠭᠲᠠ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠪᠠ ᠦᠨᠳᠦᠰᠦᠨ ᠤᠯᠤᠰ ᠲᠦᠷᠦ ᠶᠢᠨ ᠶᠣᠰᠣ ᠳᠦᠷᠢᠮ ᠪᠣᠯᠭᠠᠬᠤ ᠬᠡᠷᠡᠭᠲᠡᠢ︔ ᠲᠡᠷᠡ ᠳᠠᠷᠤᠢ ᠬᠡᠷᠡᠭᠵᠢᠭᠦᠯᠵᠦ ᠳᠠᠷᠤᠢ ᠲᠦᠷᠭᠡᠨ ᠥᠭᠡᠷᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠤᠨ ᠨᠠᠷᠢᠨ ᠲᠠᠩᠰᠠ ᠪᠣᠯᠣᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠴᠠᠭ ᠲᠤᠬᠠᠢ ᠳᠤᠨᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠤᠳᠤ ᠶᠢᠨ ᠪᠠᠶᠢᠳᠠᠯ ᠳᠤ ᠵᠠᠰᠠᠪᠤᠷᠢ ᠣᠷᠣᠭᠤᠯᠬᠤ︾ ᠪᠠ ︽ᠤᠷᠳᠤ ᠬᠤᠭᠤᠴᠠᠭ᠎ᠠ ᠪᠠᠷ ᠪᠠᠷᠢᠮᠳᠠᠯᠠᠬᠤ︾ ᠶᠢ ᠤᠶᠠᠯᠳᠤᠭᠤᠯᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠵᠣᠬᠢᠶᠠᠯ︾  ᠢ ᠦᠨᠡᠨᠬᠦ ᠰᠠᠶᠢᠲᠤᠷ ᠬᠢᠬᠦ ᠬᠡᠷᠡᠭᠲᠡᠢ︔ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠵᠤ᠂ ᠭᠤᠣᠯ ᠰᠡᠳᠦᠪᠲᠦ ᠬᠥᠮᠦᠵᠢᠯ ᠤᠨ ︽ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠦᠨᠡᠨᠬᠦ ᠡᠮᠤᠨ᠎ᠡ ᠹᠷᠣᠨᠲ ᠲᠤ ᠭᠦᠨᠵᠡᠭᠡᠶᠢᠷᠡᠨ ᠠᠵᠢᠯ ᠢᠶᠠᠨ ᠥᠷᠨᠢᠭᠦᠯᠵᠦ᠂ ᠠᠷᠠᠳ ᠤᠨ ᠪᠠᠶᠢᠳᠠᠯ ᠢ ᠰᠤᠷᠪᠤᠯᠵᠢᠯᠠᠵᠤ᠂ ᠪᠣᠳᠠᠲᠤ ᠪᠠᠶᠢᠳᠠᠯ ᠢ ᠪᠠᠶᠢᠴᠠᠭᠠᠵᠤ᠂ ᠳᠦᠷᠢᠮ ᠤᠨ ᠪᠠᠶᠢᠭᠤᠯᠤᠯᠲᠠ ᠶᠢ ᠦᠨᠡᠨᠬᠦ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦ ᠠᠴᠠ ᠨᠢ ᠵᠠᠰᠠᠬᠤ ᠪᠣᠳᠣᠯᠭ᠎ᠠ ᠪᠣᠯᠭᠠᠵᠤ᠂ ᠤᠳᠤ ᠶᠢᠨ ᠪᠠᠶᠢᠭ᠎ᠠ ᠳᠦᠷᠢᠮ ᠢ ᠨᠠᠷᠢᠨ ᠬᠢᠨᠠᠮᠠᠭᠠᠢ ᠡᠮᠬᠢᠯᠡᠵᠦ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠳᠦᠷᠢᠮ ᠨᠢᠭᠡᠪᠦᠷᠢ ᠶᠢ ᠴᠥᠮ ᠵᠢᠷᠤᠮᠵᠢᠯ ᠲᠠᠢ᠂ ᠬᠡᠷᠡᠭᠯᠡᠬᠦ ᠳᠤ ᠲᠤᠰᠠᠲᠠᠢ ᠦᠷ᠎ᠡ ᠪᠦᠲᠦᠮᠵᠢᠲᠡᠢ ᠪᠠᠶᠢᠯᠭᠠᠬᠤ ᠶᠢ ᠪᠠᠲᠤᠯᠠᠵᠤ᠂ ᠨᠠᠮ ᠤᠨ ᠪᠠᠶᠢᠭᠤᠯᠤᠯᠲᠠ ᠶᠢ ᠳᠦᠷᠢᠮᠵᠢᠭᠦᠯᠬᠦ᠂ ᠵᠢᠷᠤᠮᠵᠢᠭᠤᠯᠬᠤ ᠪᠠ ᠪᠠᠶᠢᠩᠭᠤᠵᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号