ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠣᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/1/19
      1 ᠰᠠᠷ᠎ᠠ ᠶᠢᠨ 18 ᠤ ᠦᠳᠡ ᠶᠢᠨ ᠬᠤᠶᠢᠨ᠎ᠠ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠬᠤᠰᠢᠭᠤᠨ ᠤ ᠤᠬᠠᠭᠤᠯᠭ᠎ᠠ ᠰᠣᠶᠣᠯ ᠤᠨ ᠲᠥᠪ ᠲᠤ ᠠᠮᠵᠢᠯᠲᠠ ᠲᠠᠢ ᠲᠡᠭᠦᠰᠪᠡ᠃     ᠱᠤᠤ ᠶᠠᠨ ᠵᠢᠶᠦ᠋ᠨ᠂ ᠪᠦᠦ ᠸᠧᠨ ᠯᠠᠨ᠂ ᠯᠢᠦ ᠶᠦᠩ᠂ ᠶᠠᠩ ᠽᠢ ᠴᠢᠶᠠᠩ᠂ ᠯᠢᠦ ᠰᠢ ᠯᠢᠨ᠂ ᠶᠣᠣ ᠼᠠᠢ ᠶᠠᠨ ᠂ ᠪᠦᠦ ᠯᠦᠩ᠂ ᠵᠠᠩ ᠴᠦᠨ ᠬᠤᠢ᠂ ᠶᠠᠩ ᠵᠧᠨ ᠴᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠰᠦᠸᠧ ᠮᠢᠩ ᠢᠦᠢ᠂ ᠭᠦᠸᠧ ᠶᠠ ᠹᠧᠩ᠂ ᠦ᠋ ᠫᠧᠩ ᠹᠧᠢ᠂ ᠢᠦᠢ ᠯᠢᠩ ᠬᠤᠤ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃     ᠲᠤᠰ ᠤᠳᠠᠭ᠎ᠠ ᠶᠢᠨ ᠬᠤᠷᠠᠯ ᠳᠤ ᠣᠷᠣᠯᠴᠠᠪᠠᠯ ᠵᠤᠬᠢᠬᠤ ᠲᠥᠯᠥᠭᠡᠯᠡᠭᠴᠢ 196 ᠬᠥᠮᠥᠨ᠂ ᠪᠣᠳᠠᠲᠠᠢ ᠣᠷᠣᠯᠴᠠᠭᠰᠠᠨ ᠲᠦᠯᠦᠭᠡᠯᠡᠭᠴᠢ 179 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃     ᠶᠡᠭᠡ ᠬᠤᠷᠠᠯ ᠠᠴᠠ ᠭᠠᠷ ᠡᠷᠭᠦᠨ ᠪᠠᠲᠤᠯᠠᠬᠤ ᠬᠡᠯᠪᠡᠷᠢ ᠪᠠᠷ᠂ ︽ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ᠂ ︽ᠵᠠᠷᠤᠳ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ︾ ︽ᠵᠠᠷᠤᠳ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠵᠢᠴᠢ 2024 ᠣᠨ ᠤ ᠡᠳ᠋ ᠤᠨ ᠵᠠᠰᠠᠭ ᠤᠨ ᠲᠥᠰᠥᠪ ᠤᠨ ᠲᠤᠬᠠᠢ ᠰᠢᠢᠳᠪᠦᠷᠢ︾ ︽ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ᠶᠢ ᠪᠠᠲᠣᠯᠠᠪᠠ᠃     ᠱᠣᠣ ᠶᠠᠨ ᠵᠢᠶᠦ᠋ᠨ ᠶᠠᠷᠢᠶᠠᠨ ᠳᠠᠭᠠᠨ ᠵᠢᠭᠠᠪᠣᠷᠢᠯᠠᠭᠰᠠᠨ ᠨᠢ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠨᠢ ᠪᠦᠭᠦ ᠲᠥᠯᠥᠭᠡᠯᠡᠭᠴᠢᠳ ᠪᠣᠯᠣᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠤᠨ ᠬᠤᠭᠤᠴᠠᠭᠠᠨ ᠳᠤ᠂ ᠪᠦᠬᠦ ᠲᠥᠯᠥᠭᠡᠯᠡᠭᠴᠢᠳ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡ ᠦᠭᠡ ᠬᠡᠯᠡᠵᠦ᠂ ᠶᠡᠭᠡ ᠶᠠᠪᠤᠳᠠᠯ ᠢ ᠬᠠᠮᠲᠤᠪᠠᠷ ᠵᠥᠪᠯᠡᠵᠦ᠂ ᠶᠡᠭᠡ ᠬᠤᠷᠠᠯ ᠮᠠᠰᠢ ᠠᠮᠵᠢᠯᠲᠠ ᠲᠠᠢ ᠶᠠᠪᠣᠭᠳᠠᠪᠠ᠂ ᠡᠨᠡ ᠪᠣᠯ ᠠᠷᠠᠳᠴᠢᠯᠠᠯ ᠪᠦᠯᠬᠦᠮᠳᠡᠯ ᠲᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠶᠡᠭᠡ ᠬᠤᠷᠠᠯ ᠪᠣᠯᠣᠨ᠎ᠠ᠃ ᠡᠨᠡ ᠪᠣᠯ ᠨᠢᠭᠡᠨ ᠤᠳᠠᠭ᠎ᠠ ᠶᠢᠨ ᠠᠷᠠᠳᠴᠢᠯᠠᠯ ᠪᠦᠯᠬᠦᠮᠳᠡᠯ ᠲᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠶᠡᠭᠡ ᠬᠤᠷᠠᠯ ᠪᠣᠯᠣᠨ᠎ᠠ᠃ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠪᠥᠬᠦ ᠬᠤᠰᠢᠭᠤᠨ ᠤ ᠭᠤᠣᠯ ᠶᠡᠭᠡ ᠲᠠᠯ᠎ᠠ ᠶᠢᠨ ᠠᠵᠢᠯ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠪᠡ᠃     ᠱᠣᠣ ᠶᠠᠨ ᠵᠢᠶᠦ᠋ᠨ ᠵᠢᠭᠠᠪᠣᠷᠢᠯᠠᠭᠰᠠᠨ ᠨᠢ᠂ 2023 ᠣᠨ ᠪᠣᠯ ᠪᠦᠭᠦ ᠬᠤᠰᠢᠭᠤᠨ ᠤ ᠬᠥᠭᠵᠢᠯᠲᠡ ᠶᠢᠨ ᠲᠡᠦᠬᠡᠨ ᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠂ ᠪᠠᠰᠠ ᠴᠤ ᠠᠵᠠ ᠲᠣᠬᠢᠶᠠᠯ ᠢᠶᠠᠷ ᠳᠦᠭᠦᠷᠦᠭᠰᠡᠨ᠂ ᠥᠷᠢᠰᠦᠯᠳᠦᠭᠡᠨ ᠢᠶᠠᠷ ᠳᠦᠭᠦᠷᠦᠭᠰᠡᠨ ᠨᠢᠭᠡ ᠵᠢᠯ ᠮᠥᠨ᠃ ᠨᠢᠭᠡ ᠵᠢᠯ ᠤᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠬᠦ ᠳᠤ᠂ ᠬᠤᠰᠢᠭᠤ ᠳᠠᠶᠠᠭᠠᠷ ᠢᠶᠠᠷ ᠢᠶᠠᠨ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠠᠬᠢᠭᠤᠯᠪᠠ︔ 2023 ᠣᠨ ᠤ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ︽ᠳᠥᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ︾ ᠨᠢ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠤᠨ 26 ᠬᠤᠰᠢᠭᠤ ᠰᠢᠶᠠᠨ ᠤ ᠡᠮᠦᠨ᠎ᠡ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠠᠮᠵᠢᠯᠲᠠ ᠲᠠᠢ ᠠᠮᠢᠯᠠᠭᠤᠯᠤᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠤᠨ ᠪᠦᠲᠦᠭᠡᠵᠦ᠂ ᠠᠷᠠᠳ ᠢ ᠬᠠᠷᠠᠭᠠᠯᠵᠠᠭᠰᠠᠨ ᠠᠷᠠᠳ ᠲᠤ ᠠᠰᠢᠭ ᠬᠦᠷᠲᠡᠭᠡᠬᠦ‍ ᠨᠢᠭᠡ ᠪᠦᠯᠦᠭ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠭᠦᠢᠴᠡᠳᠬᠡᠪᠡ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ︽ᠭᠤᠷᠪᠠᠨ ᠢᠯᠡᠭᠦᠦ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠭᠤᠷᠪᠠ ᠢᠯᠵᠠᠷᠠᠬᠤ ᠦᠭᠡᠢ︾ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠣᠨᠣᠴᠠᠲᠠᠢ ᠪᠠᠷ ᠥᠨᠳᠥᠷ ᠪᠦᠲᠦᠮᠵᠢᠲᠡᠶ ᠪᠠᠷ ᠪᠠᠶᠢᠴᠠᠭᠠᠨ ᠰᠢᠢᠳᠪᠦᠷᠢᠯᠡᠵᠦ᠂ ᠰᠠᠬᠢᠯᠭ᠎ᠠ ᠪᠠᠲᠤ᠂ ᠴᠠᠭᠳᠠᠨ ᠪᠠᠶᠢᠴᠠᠭᠠᠬᠤ᠂ ᠰᠢᠭᠦᠬᠦ ᠵᠡᠷᠭᠡ ᠬᠢᠨᠠᠯᠲᠠ ᠶᠢᠨ ᠨᠡᠪᠲᠡᠷᠡᠯᠴᠡᠨ ᠬᠠᠮᠵᠢᠯᠴᠠᠬᠤ ᠶᠢ ᠬᠦᠴᠦᠯᠡᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠡᠮᠦᠨ᠎ᠡ ᠨᠢ ᠦᠢᠯᠡᠴᠢᠯᠡᠬᠦ ᠶᠢ ᠬᠥᠲᠥᠯᠥᠨ ᠵᠢᠯᠤᠭᠤᠳᠴᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠲᠡᠢ ᠪᠤᠢ ᠪᠣᠯᠭᠠᠪᠠ ᠭᠡᠪᠡ᠃     ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠮᠥᠨᠴᠦ ᠪᠦᠬᠦ ᠬᠤᠰᠢᠭᠤᠨ ᠪᠠᠷ ᠢᠶᠠᠨ ᠪᠦᠬᠦ ᠬᠤᠲᠠ ᠶᠢᠨ ᠬᠤᠰᠢᠭᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠳᠠᠭᠠᠭᠤᠯᠤᠭᠴᠢ︾ ᠪᠣᠯᠬᠤ ᠪᠠᠷ ᠴᠢᠷᠮᠠᠶᠢᠬᠤ ᠰᠢᠪᠳᠣᠯᠣᠯᠲᠠ ᠶᠢᠨ ᠵᠢᠯ ᠪᠣᠯᠣᠨ᠎ᠠ᠃ ᠪᠥᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠥᠭᠵᠢᠯᠲᠡ ᠶᠢᠨ ᠶᠡᠭᠡ ᠲᠠᠯ᠎ᠠ ᠶᠢ ᠴᠢᠩᠭ᠎ᠠ ᠠᠳᠬᠤᠨ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠷᠢᠮᠲᠠᠯᠠᠨ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠯᠡᠭᠦᠬᠡᠨ ᠰᠦᠪᠡᠭᠴᠢᠯᠡᠵᠦ᠂ ᠰᠣᠳᠣ ᠮᠡᠷᠭᠡᠨ ᠦᠭᠡ ᠶᠠᠷᠢᠶ᠎ᠠ ᠶᠢ ᠢᠯᠡᠭᠦᠬᠡᠨ ᠡᠷᠭᠦᠵᠦ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠠᠷᠠᠳ ᠲᠦᠮᠡᠨ ᠤ ᠳᠣᠮᠲᠠ ᠠᠴᠠ ᠢᠷᠡᠭᠰᠡᠨ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ ᠣᠨᠴᠠᠯᠢᠭ ᠪᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃     ᠱᠣᠣ ᠶᠠᠨ ᠵᠢᠶᠦ᠋ᠨ ᠬᠠᠮᠤᠭ ᠤᠨ ᠰᠡᠭᠦᠯ ᠳᠤ ᠬᠡᠯᠡᠬᠦ ᠳᠡᠭᠡᠨ᠄ ᠲᠥᠯᠥᠭᠡᠯᠡᠭᠴᠢᠳ ᠠ᠋᠂ ᠨᠥᠬᠦᠳ ᠠ᠋᠂ ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ᠂ ᠡᠷᠡᠮᠡᠬᠡᠶᠢᠯᠡᠨ ᠲᠠᠪᠰᠢᠬᠤ ᠦᠶ᠎ᠡ ᠪᠣᠯᠣᠯ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠵᠠᠷᠤᠳ ᠬᠤᠰᠢᠭᠤᠨ ᠤ ᠴᠢᠨᠠᠷ ᠰᠠᠶᠢᠲᠠᠢ ᠳᠠᠪᠠᠯᠲᠠ ᠶᠢᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ ᠬᠦᠴᠦᠨ ᠴᠢᠳᠠᠯ ᠢᠶᠠᠨ ᠡᠷᠭᠦᠰᠦᠭᠡᠢ︕ ᠭᠡᠪᠡ᠃    ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠢᠯᠠᠯᠲᠠ ᠲᠠᠢ ᠪᠠᠷ ᠲᠡᠭᠦᠰᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号