ᠠᠮᠤ ᠪᠤᠳᠠᠭᠠᠨ ᠤ ᠬᠠᠩᠭᠠᠯᠭ᠎ᠠ ᠶᠢᠨ ᠲᠣᠣᠷ ᠴᠡᠭ ᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠠᠭᠤᠷᠢ ᠶᠢ ᠪᠠᠳᠤᠳᠬᠠᠪᠠ
ᠨᠡᠶᠢᠲᠡᠯᠡᠭᠰᠡᠨ ᠴᠠᠭ᠄
2024/1/2
    ︽ᠠᠮᠤ ᠪᠤᠳᠠᠭ᠎ᠠ ᠪᠤᠯ ᠵᠠᠰᠠᠭ ᠤᠨ ᠠᠵᠢᠯ ᠤᠨ ᠲᠠᠷᠢᠭᠦᠨ ᠳᠤ ᠪᠠᠶᠢᠳᠠᠭ︾᠃ ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠶᠡᠷᠦᠩᠬᠡᠢ ᠠᠮᠤᠷ ᠲᠦᠪᠰᠢᠨ ᠤ ᠴᠢᠬᠤᠯᠠ ᠠᠭᠤᠯᠭ᠎ᠠ ᠪᠠ ᠰᠠᠭᠤᠷᠢ ᠮᠥᠨ᠂ ᠤᠯᠤᠰ ᠤᠨ ᠪᠠᠶᠢᠳᠠᠯ ᠠᠷᠠᠳ ᠤᠨ ᠠᠮᠢᠳᠤᠷᠠᠯ ᠳᠤ ᠬᠤᠯᠪᠣᠭᠳᠠᠬᠤ ︽ᠰᠠᠭᠤᠷᠢ ᠴᠢᠯᠠᠭᠤ︾ ᠮᠥᠨ᠂ ᠪᠠᠴᠢᠮ ᠪᠠᠶᠢᠳᠠᠯ ᠢ ᠠᠷᠭᠠᠴᠠᠭᠠᠬᠤ ᠨᠥᠬᠦᠴᠡᠯ ᠳᠣᠣᠷᠠᠬᠢ ᠠᠮᠤ ᠪᠤᠳᠠᠭᠠᠨ ᠤ ᠪᠠᠲᠤᠯᠠᠭ᠎ᠠ ᠨᠢ ᠨᠡᠩ ᠴᠤ ᠤᠯᠠᠨ ᠲᠦᠮᠡᠨ ᠤ ᠠᠮᠢᠳᠤᠷᠠᠯ ᠪᠠ ᠨᠡᠶᠢᠭᠡᠮ ᠤᠨ ᠲᠣᠭᠲᠠᠭᠤᠨ ᠪᠠᠶᠢᠳᠠᠯ ᠲᠠᠢ ᠰᠢᠭᠤᠳ ᠬᠤᠯᠪᠣᠭᠳᠠᠵᠤ ᠪᠠᠶᠢᠳᠠᠭ᠃ ᠵᠠᠷᠤᠳ ᠬᠤᠰᠢᠭᠤᠨ ᠤ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠲᠣᠣᠷ ᠴᠢᠭ᠋ ᠤᠨ ᠵᠢᠷᠤᠮᠵᠢᠭᠰᠠᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠦᠭᠦ ᠬᠤᠰᠢᠭᠤᠨ ᠤ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ 16 ᠲᠣᠣᠷ ᠴᠢᠭ᠋ ᠲᠤ ᠰᠤᠭᠤᠴᠢᠨ ᠪᠠᠶᠢᠴᠠᠭᠠᠯᠲᠠ ᠬᠢᠪᠡ᠃      
微信图片_20240102100456.jpg
     ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠬᠢᠨ ᠤᠷᠢᠳ ᠬᠤᠵᠢᠳ ᠵᠠᠷᠤᠳ ᠬᠤᠰᠢᠭᠤᠨ ᠤ ᠬᠤᠸᠠ ᠹᠧᠩ ᠲᠠᠷᠢᠶᠠᠯᠠᠩ ᠤᠨ ᠠᠷᠠᠯᠵᠢᠶᠠᠨ ᠤ ᠬᠢᠵᠠᠭᠠᠷᠲᠤ ᠺᠣᠮᠫᠠᠨᠢ᠂ ᠯᠦᠪᠧᠢ ᠪᠠᠯᠭᠠᠰᠤᠨ ᠤ ᠢ ᠯᠢ ᠬᠡᠲᠦ ᠳᠡᠯᠭᠡᠭᠦᠷ ᠪᠣᠯᠣᠨ ᠯᠦᠪᠧᠢ ᠪᠠᠯᠭᠠᠰᠤᠨ ᠤ ᠳ᠋ᠠ ᠳ᠋ᠢ ᠠᠮᠤ ᠪᠤᠳᠠᠭᠠᠨ ᠤ ᠰᠠᠩ ᠠᠮᠤ ᠲᠣᠰᠣᠨ ᠤ ᠬᠡᠲᠦ ᠳᠡᠯᠭᠡᠭᠦᠷ ᠲᠤ ᠭᠦᠨᠵᠡᠭᠡᠶᠢᠷᠡᠵᠦ ᠠᠮᠤ ᠪᠤᠳᠠᠭ᠎ᠠ ᠭᠤᠯᠢᠷ ᠲᠣᠰᠣᠨ ᠤ ᠬᠠᠳᠠᠭᠠᠯᠠᠮᠵᠢ ᠶᠢᠨ ᠪᠠᠶᠢᠳᠠᠯ ᠢ ᠣᠶᠢᠯᠠᠭᠠᠪᠠ᠃ ᠡᠭᠦᠨ ᠳᠤ᠂ ᠵᠠᠷᠤᠳ ᠬᠤᠰᠢᠭᠤᠨ ᠤ ᠬᠤᠸᠠ ᠹᠧᠩ ᠲᠠᠷᠢᠶᠠᠯᠠᠩ ᠤᠨ ᠠᠷᠠᠯᠵᠢᠶᠠᠨ ᠤ ᠬᠢᠵᠠᠭᠠᠷᠲᠤ ᠺᠣᠮᠫᠠᠨᠢ ᠡᠳᠦᠷ ᠲᠤ 20 ᠲᠣᠨ ᠨᠠᠷᠢᠮᠤ ᠬᠠᠩᠭᠠᠵᠤ᠂ 500 ᠲᠣᠨ ᠬᠠᠳᠠᠭᠠᠯᠠᠵᠤ ᠪᠤᠢ᠃ ᠯᠦᠪᠧᠢ ᠪᠠᠯᠭᠠᠰᠤᠨ ᠤ ᠢ ᠯᠢ ᠬᠡᠲᠦ ᠳᠡᠯᠭᠡᠭᠦᠷ ᠪᠣᠯᠣᠨ ᠯᠦᠪᠧᠢ ᠪᠠᠯᠭᠠᠰᠤᠨ ᠤ ᠳ᠋ᠠ ᠳ᠋ᠢ ᠠᠮᠤ ᠪᠤᠳᠠᠭᠠᠨ ᠤ ᠬᠥᠮᠥᠷᠭᠡ ᠶᠢᠨ ᠡᠳᠦᠷ ᠤᠨ ᠬᠠᠩᠭᠠᠬᠤ ᠪᠤᠭᠤᠳᠠᠢ ᠶᠢᠨ ᠭᠤᠯᠢᠷ ᠨᠢ ᠴᠥᠮ 200 ᠲᠣᠨ ᠪᠠᠶᠢᠵᠤ᠂ ᠬᠥᠮᠥᠷᠭᠡ ᠶᠢᠨ ᠬᠠᠳᠠᠭᠠᠯᠠᠮᠵᠢ ᠨᠢ ᠴᠥᠮ 300 ᠲᠣᠨ ᠪᠠᠶᠢᠪᠠ︔ ᠡᠳᠦᠷ ᠤᠨ ᠬᠠᠩᠭᠠᠯᠭ᠎ᠠ ᠨᠢ ᠴᠥᠮ 200 ᠲᠣᠨ᠂ ᠬᠠᠳᠠᠭᠠᠯᠠᠮᠵᠢ ᠨᠢ ᠴᠥᠮ 300 ᠲᠣᠨ᠂ ᠡᠳᠦᠷ ᠤᠨ ᠬᠠᠩᠭᠠᠯᠭ᠎ᠠ ᠨᠢ ᠴᠥᠮ 50 ᠲᠣᠨ᠂ ᠬᠠᠳᠠᠭᠠᠯᠠᠮᠵᠢ ᠨᠢ ᠴᠥᠮ 50 ᠲᠣᠨ ᠪᠣᠯᠣᠨ᠎ᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭᠠᠲᠠᠨ ᠴᠢᠬᠤᠯᠠᠴᠢᠯᠠᠬᠤ ᠳᠠᠭᠠᠨ᠂ ᠠᠮᠤ ᠲᠣᠰᠣᠨ ᠤ ᠬᠠᠩᠭᠠᠯᠭ᠎ᠠ ᠶᠢ ᠪᠠᠲᠤᠯᠠᠵᠤ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠪᠣᠯ ᠠᠷᠠᠳ ᠣᠯᠠᠨ ᠤ ᠠᠮᠢᠳᠤᠷᠠᠯ ᠳᠤ ᠰᠢᠭᠤᠳ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠂ ᠠᠮᠤ ᠲᠣᠰᠣᠨ ᠤ ᠬᠠᠩᠭᠠᠯᠭ᠎ᠠ ᠶᠢ ᠪᠠᠲᠤᠯᠠᠵᠤ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠠᠮᠤ ᠲᠣᠰᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠮᠤ ᠳᠤᠰᠤᠨ ᠤ ᠬᠠᠩᠭᠠᠯᠭ᠎ᠠ ᠶᠢ ᠪᠠᠲᠤᠯᠠᠵᠤ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠶᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠨ ᠨᠠᠷᠢᠨ ᠨᠢᠮᠪᠠᠢ ᠪᠣᠳᠠᠲᠠᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠶᠠᠷ ᠤᠨ ᠡᠳᠦᠷ ᠪᠣᠯᠣᠨ ᠴᠢᠬᠤᠯᠠ ᠴᠠᠭ ᠦᠶ᠎ᠡ ᠶᠢᠨ ᠠᠮᠤ ᠳᠤᠰᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃     
微信图片_20240102111851.jpg
    ᠵᠢᠯ ᠤᠨ ᠡᠴᠦᠰ᠂ ᠰᠢᠨ᠎ᠡ ᠵᠢᠯ ᠤᠨ ᠰᠢᠨ᠎ᠡ ᠶᠢᠨ ᠨᠢᠭᠡᠨ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠨ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠵᠤᠶᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠲᠣᠣᠷ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ︔ ︽ᠬᠦᠨᠡᠰᠦᠨ ᠤ ᠤᠭᠤᠲᠠ︾ ᠶᠢᠨ ᠬᠠᠩᠭᠠᠯᠭ᠎ᠠ ᠬᠡᠷᠡᠭᠴᠡᠭᠡ ᠶᠢ ᠬᠢᠨᠠᠨ ᠬᠡᠮᠵᠢᠬᠦ ᠶᠢ ᠦᠷᠭᠦᠯᠵᠢᠯᠡᠨ ᠴᠢᠩᠭᠠᠳᠬᠠᠵᠤ᠂ ᠬᠤᠯᠪᠣᠭᠳᠠᠯ ᠪᠦᠬᠦᠢ ᠲᠣᠣᠷ ᠴᠡᠭ ᠢ ᠴᠠᠭ ᠲᠤᠬᠠᠢ ᠳᠤᠨᠢ ᠬᠥᠮᠥᠷᠭᠡ ᠶᠢᠨ ᠬᠠᠳᠠᠭᠠᠯᠠᠮᠵᠢ ᠪᠠᠨ ᠨᠥᠬᠦᠪᠦᠷᠢᠯᠡᠵᠦ᠂ ᠲᠤᠨᠤᠭ ᠲᠥᠬᠦᠭᠡᠷᠦᠮᠵᠢ ᠪᠠᠨ ᠲᠡᠭᠦᠯᠳᠡᠷᠵᠢᠭᠦᠯᠦᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠮᠤ ᠳᠤᠰᠤᠨ ᠤ ᠲᠠᠸᠠᠷ ᠤᠨ ᠢᠷᠡᠯᠲᠡ ᠶᠢᠨ ᠭᠦᠢᠴᠡᠳ ᠪᠠᠶᠢᠬᠤ᠂ ᠬᠠᠩᠭᠠᠯᠭ᠎ᠠ ᠶᠢᠨ ᠬᠡᠪ ᠤᠨ ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号