ᠭᠠᠴᠠᠭ᠎ᠠ ᠲᠣᠰᠬᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ | ᠪᠦᠲᠦᠮᠵᠢᠲᠡᠶ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠦᠷᠭᠦᠯᠵᠢᠯᠡᠨ ᠠᠮᠤᠷ ᠲᠦᠪᠰᠢᠨ | ᠲᠣᠭᠲᠠᠭᠤᠨ ᠪᠠᠶᠢᠬᠤ ᠶᠢ ᠬᠠᠮᠠᠭᠠᠯᠠᠬᠤ ᠶᠢᠨ ᠲᠥᠯᠥᠭᠡ᠂ 1 ᠰᠠᠷ᠎ᠠ ᠶᠢᠨ 20 ᠤ ᠡᠳᠦᠷ᠂ ᠲᠤᠯᠤᠳᠤ ᠰᠤᠮᠤ ︽ | ᠵᠠᠭᠠᠯᠳᠤᠯᠭ᠎ᠠ ᠰᠣᠷᠪᠤᠯᠵᠢᠯᠠᠭ᠎ᠠ ᠦᠭᠡᠢ︾ ᠨᠢᠭᠡᠴᠡ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠢ | ᠭᠠᠴᠠᠭ᠎ᠠ ᠲᠣᠰᠬᠤᠨ ᠳᠤ ᠣᠷᠣᠭᠤᠯᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ | ᠲᠠᠯᠠᠪᠠᠶ ᠳᠤ᠂ ᠡᠯ᠎ᠡ ᠭᠠᠴᠠᠭ᠎ᠠ ᠶᠢ ᠲᠠᠭᠠᠭᠠᠴᠢᠯᠠᠭᠰᠠᠨ ᠤᠳᠤᠷᠢᠳᠤᠯᠭ᠎ᠠ ᠨᠠᠷ ︽ᠵᠠᠷᠤᠳ ᠬᠤᠰᠢᠭᠤᠨ ᠤ ︽ᠵᠠᠷᠭᠤ | ᠰᠣᠷᠪᠤᠯᠵᠢᠯᠠᠭ᠎ᠠ ᠦᠭᠡᠢ︾ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ᠬᠤᠪᠢᠶᠠᠷᠢ ᠲᠠᠯᠠᠪᠠᠶ︶ ᠤ ᠡᠭᠦᠳᠤᠨ | ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠳᠠᠭᠠᠭᠤᠯᠤᠨ ᠰᠤᠷᠤᠯᠴᠠᠭᠰᠠᠨ ᠪᠥᠭᠡᠳ ︽ᠲᠥᠰᠥᠯ︾ | ᠳᠤ ᠨᠠᠷᠢᠨ ᠲᠠᠶᠢᠯᠤᠮᠵᠢ ᠬᠢᠪᠡ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠲᠠᠷᠠᠭᠠᠴᠢ ᠶᠢᠨ | ᠠᠯᠬᠤᠮ ᠳᠤ ︽ᠬᠤᠶᠠᠷ ᠢ ᠡᠭᠦᠳᠤᠨ ᠪᠠᠶᠢᠭᠤᠯᠬᠤ ᠠᠵᠢᠯ︾ ᠢ ᠥᠷᠨᠢᠭᠦᠯᠬᠦ ᠳᠤ ᠦᠵᠡᠯ ᠰᠠᠨᠠᠭ᠎ᠠ ᠪᠠ ᠲᠠᠨᠢᠯᠲᠠ ᠶᠢᠨ | ᠰᠠᠭᠤᠷᠢ ᠶᠢ ᠪᠠᠲᠤᠳᠬᠠᠪᠠ᠃ | | | |