ᠵᠠᠷᠤᠳ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠬᠢᠨ ᠰᠢᠨᠵᠢᠯᠡᠭᠡ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠠᠬᠤᠢ ᠲᠠᠯᠠᠪᠠᠶ ᠳᠤ ᠬᠢᠨᠠᠨ ᠬᠠᠷᠭᠤᠭᠤᠯᠪᠠ
ᠨᠡᠶᠢᠲᠡᠯᠡᠭᠰᠡᠨ ᠴᠠᠭ᠄
2024/1/22
     ᠣᠶᠢᠷ᠎ᠠ ᠳᠤ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠨᠢ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠬᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠨᠢᠭᠡᠴᠡ ᠲᠠᠢ ᠬᠠᠮᠲᠤᠷᠠᠨ ᠬᠢᠨᠠᠨ ᠬᠠᠷᠭᠤᠭᠤᠯᠬᠤ ᠳᠤᠭᠤᠶᠢᠯᠠᠩ ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠨᠡᠭᠡᠭᠡᠨ ᠡᠷᠭᠢᠯᠡᠬᠦ ᠪᠠᠷ ᠪᠠᠶᠢᠭ᠎ᠠ 3 ᠪᠠᠶᠢᠭᠤᠯᠤᠮᠵᠢ ᠳᠤ ᠠᠬᠤᠢ ᠲᠠᠯᠠᠪᠤᠷ ᠤᠨ ᠬᠢᠨᠠᠨ ᠬᠠᠷᠭᠤᠭᠤᠯᠬᠤ ᠠᠵᠢᠯ ᠬᠢᠵᠦ᠂ ᠵᠦᠪᠰᠢᠶᠡᠷᠡᠨ ︽ᠤᠷᠤᠭᠤᠯᠬᠤ ᠡᠭᠦᠳᠡ︾ ᠶᠢ ᠴᠢᠩᠭ᠎ᠠ ᠠᠳᠬᠤᠪᠠ᠃ ᠬᠢᠨᠠᠨ ᠬᠠᠷᠭᠤᠭᠤᠯᠬᠤ ᠶᠠᠪᠤᠴᠠ ᠳᠤ᠂ ᠬᠢᠨᠠᠨ ᠬᠠᠷᠭᠤᠭᠤᠯᠬᠤ ᠳᠤᠭᠤᠶᠢᠯᠠᠩ ᠠᠴᠠ ᠡᠷᠭᠢᠯᠡᠬᠦ ᠪᠠᠷ ᠪᠠᠶᠢᠭ᠎ᠠ ᠰᠢᠨᠵᠢᠯᠡᠭᠡ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠵᠢᠯᠲᠠᠨ᠂ ᠰᠤᠷᠭᠠᠭᠤᠯᠢ ᠡᠷᠭᠢᠯᠡᠬᠦ ᠲᠠᠯᠠᠪᠤᠷ ᠭᠠᠵᠠᠷ᠂ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ᠂ ᠭᠠᠯ ᠤᠨᠲᠠᠷᠠᠭᠠᠬᠤ ᠠᠮᠤᠷ ᠲᠦᠪᠰᠢᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠡᠷᠭᠡ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃      
微信图片_20240122111938.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号