2023 ᠣᠨ ᠳᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠴᠢᠳᠠᠪᠤᠷᠢ ᠶᠢᠨ ᠪᠠᠶᠢᠷᠢ | ᠲᠣᠭᠲᠠᠭᠠᠯᠲᠠ ᠳᠠᠭᠠᠨ ᠰᠠᠭᠤᠷᠢᠯᠠᠨ᠂ ︽ᠬᠢᠨᠠᠨ ᠬᠠᠮᠠᠭᠠᠯᠠᠯᠲᠠ ᠳᠤᠲᠠᠭᠳᠠᠵᠤ ᠪᠠᠶᠢᠭ᠎ᠠ ᠬᠡᠦᠬᠡᠳ ᠢ ᠲᠣᠮᠣ | ᠳ᠋ᠠᠶᠢᠲ᠋ᠠ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠯᠲᠠ ᠲᠠᠯᠪᠢᠬᠤ ᠵᠠᠭᠪᠤᠷ︾ ᠢ ᠪᠡᠶ᠎ᠡ ᠪᠠᠨ ᠳᠠᠭᠠᠭᠠᠨ ᠰᠤᠳᠤᠯᠤᠨ | ᠨᠡᠭᠡᠭᠡᠵᠦ᠂ ᠪᠥᠬᠦ ᠬᠤᠲᠠ ᠶᠢᠨ ᠬᠡᠪᠴᠢᠶᠡᠨ ᠳᠤ ᠳᠡᠯᠭᠡᠷᠡᠭᠦᠯᠪᠡ᠃ ᠲᠣᠰ ᠵᠠᠭᠪᠤᠷ ᠨᠢ ᠲᠣᠮᠣ ᠳ᠋ᠠᠶᠢᠲ᠋ᠠ ᠶᠢᠨ | ᠮᠥᠷᠭᠦᠯᠳᠦᠯ᠂ ᠬᠠᠷᠢᠴᠠᠭᠤᠯᠤᠯ᠂ ᠬᠠᠷᠭᠤᠭᠤᠯᠤᠨ ᠪᠠᠶᠢᠴᠠᠭᠠᠯᠲᠠ ᠬᠢᠬᠦ ᠪᠠᠷ ᠳᠡᠮᠵᠢᠨ 21 ᠰᠦᠪᠡᠭᠴᠢ ᠶᠢ ᠡᠷᠢᠨ | ᠭᠠᠷᠭᠠᠵᠤ᠂ ︽ᠳᠥᠷᠪᠡᠨ ᠶᠡᠭᠡ ᠪᠠᠶᠢᠴᠠᠭᠠᠬᠤ︾ ᠡᠭᠦᠷᠭᠡ ᠴᠢᠳᠠᠪᠤᠷᠢ ᠶᠢ ᠨᠡᠶᠢᠯᠡᠭᠦᠯᠦᠨ ᠭᠦᠢᠴᠡᠳᠭᠡᠨ᠂ ᠣᠯᠠᠨ | ᠬᠡᠦᠬᠡᠳ ᠢ ᠠᠷᠠᠳ ᠤᠨ ᠶᠠᠪᠤᠳᠠᠯ ᠤᠨ ᠠᠪᠤᠷᠠᠨ ᠲᠤᠰᠠᠯᠠᠯᠲᠠ ᠶᠢᠨ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠵᠦ᠂ | 5 ᠬᠡᠦᠬᠡᠳ ᠢ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ᠂ | ᠣᠷᠳᠣ ᠬᠤᠭᠤᠴᠠᠭ᠎ᠠ ᠪᠠᠷ ᠬᠠᠯᠠ ᠠᠮᠰᠠᠭᠰᠠᠨ 1 ᠬᠦᠦ ᠳᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠨ ᠦᠭᠭᠦᠭᠰᠡᠨ ᠪᠥᠭᠡᠳ ᠲᠡᠭᠦᠨ ᠤ ᠠᠰᠠᠷᠠᠨ ᠲᠡᠵᠢᠭᠡᠬᠦ ᠡᠷᠬᠡ ᠶᠢ ᠨᠢ ᠬᠤᠪᠢᠷᠠᠭᠤᠯᠬᠤ ᠲᠤᠬᠠᠢ ᠢᠷᠭᠡᠨ ᠤ | ᠬᠡᠷᠡᠭ ᠤᠨ ᠵᠠᠭᠠᠯᠳᠤᠯᠭ᠎ᠠ ᠶᠢ ᠳᠡᠮᠵᠢᠪᠡ᠃ ︽ᠬᠢᠨᠠᠨ ᠬᠠᠮᠠᠭᠠᠯᠠᠯᠲᠠ ᠳᠤᠲᠠᠭᠳᠠᠵᠤ ᠪᠠᠶᠢᠭ᠎ᠠ ᠬᠡᠦᠬᠡᠳ ᠢ ᠲᠣᠮᠣ | ᠳ᠋ᠠᠶᠢᠲ᠋ᠠ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠯᠲᠠ ᠲᠠᠯᠪᠢᠬᠤ ᠵᠠᠭᠪᠤᠷ︾ ᠢ ᠬᠡᠷᠡᠭᠯᠡᠬᠦ ᠪᠠ ᠳᠡᠯᠭᠡᠷᠡᠭᠦᠯᠬᠦ ᠪᠠᠷ | ᠳᠠᠮᠵᠢᠭᠤᠯᠤᠨ᠂ ᠬᠠᠤᠯᠢ ᠴᠠᠭᠠᠵᠠ ᠶᠢᠨ ᠬᠢᠨᠠᠯᠲᠠ ᠳᠤ ᠲᠣᠮᠣ ᠳ᠋ᠠᠶᠢᠲ᠋ᠠ ᠭᠡᠬᠦ ︽ᠵᠢᠭᠦᠷ︾ ᠤᠷᠭᠤᠭᠤᠯᠤᠭᠰᠠᠨ | ᠪᠠᠶᠢᠨ᠎ᠠ᠃ | | | |