ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠲᠢᠩᠬᠢᠮ ᠬᠢᠨ ︽ᠬᠠᠤᠯᠢ ᠴᠠᠭᠠᠵᠠ ᠶᠢ ᠬᠤᠳᠠᠯᠳᠤᠭᠠᠨ ᠤ ᠲᠠᠯᠠᠪᠤᠷ ᠲᠤ ᠬᠦᠷᠭᠡᠬᠦ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/24
       ᠣᠶᠢᠷ᠎ᠠ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠲᠢᠩᠬᠢᠮ ᠤᠨ ᠺᠠᠳ᠋ᠷ ᠴᠠᠭᠳᠠᠭ᠎ᠠ ᠬᠤᠰᠢᠭᠤᠨ ᠤ ᠪᠦᠷᠢᠨ ᠪᠠᠷᠠᠭᠠᠲᠤ ᠲᠣᠮᠣ ᠠᠰᠠᠷ ᠲᠤ ᠬᠦᠷᠴᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠶ ᠳᠤ᠂ ᠺᠠᠳ᠋ᠷ ᠴᠠᠭᠳᠠᠭ᠎ᠠ ᠠᠴᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠠᠬᠤᠢ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠳᠠᠯᠳᠤᠭᠠᠨ ᠤ ᠫᠦᠰᠡ ᠶᠢᠨ ᠡᠵᠡᠨ ᠪᠠ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠤᠶᠢᠯ ᠤᠨ ᠬᠡᠷᠡᠭ ᠢ ᠭᠥᠯᠢᠶᠡᠨ ᠠᠪᠬᠤ ᠬᠡᠪᠴᠢᠶ᠎ᠡ᠂ ᠭᠤᠶᠤᠴᠢᠯᠠᠬᠤ ᠠᠷᠭ᠎ᠠ ᠮᠠᠶ᠋ᠢᠭ᠂ ᠭᠤᠶᠤᠴᠢᠯᠠᠬᠤ ᠨᠥᠬᠦᠴᠡᠯ᠂ ᠬᠡᠷᠡᠭ ᠰᠢᠢᠳᠪᠦᠷᠢᠯᠡᠬᠦ ᠶᠠᠪᠤᠴᠠ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ᠂ ᠣᠯᠠᠨ ᠲᠦᠮᠡᠨ ᠤ ᠳᠤᠷᠠᠳᠤᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠬᠠᠷᠢᠭᠤᠯᠲᠠ ᠥᠭᠴᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠭᠡᠭᠴᠢ ᠶᠠᠭᠤ ᠪᠣᠯᠬᠤ᠂ ᠵᠠᠰᠠᠭ ᠵᠠᠬᠢᠷᠭᠠᠨ ᠤ ᠮᠠᠷᠭᠤᠯᠳᠤᠭᠠᠨ ᠤ ᠳᠤᠮᠳᠠ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠨᠠᠩ ᠰᠠᠶᠢᠨ ᠬᠠᠮᠠᠭᠠᠯᠠᠬᠤ ᠶᠢ ᠣᠯᠠᠨ ᠲᠦᠮᠡᠨ ᠳᠤ ᠭᠦᠨᠵᠡᠭᠡᠢ ᠣᠶᠢᠯᠠᠭᠠᠭᠤᠯᠪᠠ᠃      
微信图片_20240124113720.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号