| ᠨᠤᠲᠤᠭ ᠪᠡᠯᠴᠢᠭᠡᠷ ᠤᠨ ᠵᠢᠷᠤᠭ ᠲᠣᠯᠪᠤ ᠶᠢ ᠬᠢᠨᠠᠨ ᠬᠡᠮᠵᠢᠵᠦ ᠬᠠᠷᠭᠤᠭᠤᠯᠤᠨ ᠪᠠᠶᠢᠴᠠᠭᠠᠬᠤ ᠠᠵᠢᠯ ᠢ ᠦᠨᠡᠨᠬᠦ | ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ | ᠴᠢᠩᠭᠠᠳᠬᠠᠨ᠂ ᠪᠣᠬᠢᠷᠲᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ | ᠲᠥᠯᠥᠭᠡ᠂ 1 ᠰᠠᠷ᠎ᠠ ᠶᠢᠨ 22 ᠤᠨ ᠡᠳᠦᠷ᠂ ᠪᠠᠶᠠᠷᠲᠤᠬᠤᠰᠢᠭᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ | ᠮᠡᠷᠭᠡᠵᠢᠯ ᠳᠡᠯᠭᠡᠷᠡᠭᠦᠯᠬᠦ ᠲᠥᠪ ᠬᠢᠨ 2024 ᠣᠨ ᠤ ᠠᠩᠬᠠᠳᠤᠭᠠᠷ ᠬᠤᠭᠤᠴᠠᠭᠠᠨ ᠤ ᠨᠤᠲᠤᠭ ᠪᠡᠯᠴᠢᠭᠡᠷ ᠤᠨ | ᠬᠤᠪᠢᠷᠠᠯᠲᠠ ᠶᠢᠨ ᠵᠢᠷᠤᠭ ᠤᠨ ᠲᠣᠯᠪᠤ ᠶᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠪᠡ᠃ ᠬᠢᠨᠠᠨ ᠬᠠᠷᠭᠤᠭᠤᠯᠬᠤ | ᠶᠠᠪᠤᠴᠠ ᠳᠤ᠂ ᠠᠵᠢᠯᠲᠠᠳ ᠬᠠᠷᠢᠶ᠎ᠠ ᠣᠷᠣᠨ ᠤ ᠪᠠᠨ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠤᠨ | ᠲᠣᠯᠪᠤ ᠶᠢ ᠨᠢᠭᠡᠳ ᠨᠢᠭᠡ ᠪᠠᠷ ᠲᠤᠬᠠᠢ ᠶᠢᠨ ᠭᠠᠵᠠᠷ ᠲᠤᠨᠢ ᠰᠤᠳᠤᠯᠤᠨ ᠮᠠᠭᠠᠳᠯᠠᠵᠤ᠂ ᠬᠢᠨᠠᠨ ᠬᠠᠷᠭᠤᠭᠤᠯᠵᠤ᠂ | ᠨᠠᠷᠢᠨ ᠬᠢᠨᠠᠮᠠᠭᠠᠢ ᠬᠠᠷᠢᠴᠠᠭᠤᠯᠤᠨ ᠵᠠᠳᠠᠯᠵᠤ᠂ ᠡᠯ᠎ᠡ ᠵᠢᠷᠤᠭ ᠲᠣᠯᠪᠤ ᠶᠢᠨ ᠰᠢᠨᠵᠢ ᠴᠢᠨᠠᠷ ᠢ ᠮᠠᠭᠠᠳᠯᠠᠨ ᠤᠩᠰᠢᠵᠤ᠂ | ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠳᠤ ᠬᠦᠴᠦ ᠨᠡᠮᠡᠷᠢᠯᠡᠪᠡ᠃ | |