ᠭᠠᠭ᠋ᠠᠶᠢᠳᠤ ᠪᠠᠯᠭᠠᠰᠤ ︽ᠵᠠᠩ ᠳᠠᠳᠬᠠᠯ ᠢᠶᠠᠨ ᠥᠭᠡᠷᠡᠴᠢᠯᠡᠵᠦ ᠴᠠᠭᠠᠨ ᠰᠠᠷ᠎ᠠ ᠪᠠᠨ ᠤᠭᠳᠤᠵᠦ ᠪᠣᠯᠪᠠᠰᠤᠨ ᠰᠢᠨ᠎ᠡ ᠬᠡᠪ ᠰᠤᠷᠲᠠᠯ ᠢᠶᠠᠷ ᠰᠢᠨ᠎ᠡ ᠵᠢᠯ ᠳᠤ ᠦᠨᠦᠷ ᠠᠮᠲᠠ ᠨᠡᠮᠡᠭᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/25
     1 ᠰᠠᠷ᠎ᠠ ᠶᠢᠨ 24 ᠤ ᠡᠳᠦᠷ᠂ ᠭᠠᠭ᠋ᠠᠶᠢᠳᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠬᠢᠨ ᠪᠠᠭ᠎ᠠ ᠭᠠᠭ᠋ᠠᠶᠢᠳᠤ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ ︽ᠵᠠᠩ ᠳᠠᠳᠬᠠᠯ ᠢᠶᠠᠨ ᠥᠭᠡᠷᠡᠴᠢᠯᠡᠵᠦ ᠴᠠᠭᠠᠨ ᠰᠠᠷ᠎ᠠ ᠪᠠᠨ ᠤᠭᠳᠤᠬᠤ ᠪᠣᠯᠪᠠᠰᠤᠨ ᠰᠢᠨ᠎ᠡ ᠬᠡᠪ ᠰᠤᠷᠲᠠᠯ ᠢᠶᠠᠷ ᠰᠢᠨ᠎ᠡ ᠵᠢᠯ ᠳᠤ ᠪᠠᠨ ᠦᠨᠦᠷ ᠠᠮᠲᠠ ᠨᠡᠮᠡᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ ᠠᠵᠢᠯᠲᠠᠳ ᠤᠷᠤᠭ ᠤᠨ ᠶᠠᠪᠤᠳᠠᠯ ᠢ ᠰᠢᠨ᠎ᠡ ᠪᠠᠷ ᠬᠢᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ᠂ ᠮᠤᠬᠤᠷ ᠪᠢᠰᠢᠷᠡᠯ ᠢ ᠡᠰᠡᠷᠭᠦᠴᠡᠬᠦ ᠂ ᠵᠣᠭᠤᠰ ᠨᠠᠭᠠᠳᠬᠤ᠂ ᠳᠤᠷ᠎ᠠ ᠲᠠᠪᠠ ᠪᠠᠷ ᠢᠶᠠᠨ ᠰᠢᠷᠡᠭᠡ ᠵᠠᠰᠠᠬᠤ᠂ ᠭᠡᠷ ᠤᠨ ᠰᠤᠷᠲᠠᠯ ᠢ ᠬᠠᠮᠠᠭᠠᠯᠠᠬᠤ ᠵᠢᠴᠢ ᠨᠠᠮ ᠤᠨ ᠭᠡᠰᠢᠭᠦᠨ ᠲᠦᠷᠦᠭᠦᠯᠡᠨ ᠬᠢᠬᠦ ᠵᠡᠷᠭᠡ ᠠᠭᠤᠯᠭ᠎ᠠ ᠶᠢᠨ ᠲᠠᠯ᠎ᠠ ᠪᠠᠷ ᠨᠠᠷᠢᠨ ᠲᠠᠶᠢᠯᠪᠤᠷᠢᠯᠠᠯᠲᠠ  ᠬᠢᠪᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠢ ᠨᠢ ᠰᠢᠨᠡᠳᠬᠡᠵᠦ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠨᠢ ᠠᠷᠢᠯᠭᠠᠵᠤ᠂ ᠮᠠᠭᠤ ᠵᠠᠩ ᠳᠠᠳᠬᠠᠯ ᠢ ᠨᠢ ᠲᠡᠪᠴᠢᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠶᠢᠨ ᠬᠠᠮᠲᠤ ᠥᠷᠭᠡᠨ ᠤᠯᠠᠨ ᠲᠣᠰᠬᠤᠨ ᠤ ᠠᠷᠠᠳ ᠢ ︽ᠪᠣᠯᠪᠠᠰᠤᠨ᠂ ᠡᠷᠡᠭᠦᠯ ᠴᠢᠭᠢᠷᠠᠭ᠂ ᠪᠣᠬᠢᠷᠲᠤᠯ ᠦᠭᠡᠢ᠂ ᠣᠷᠴᠢᠨ ᠠᠬᠤᠢ ᠶᠢ ᠬᠠᠮᠠᠭᠠᠯᠠᠬᠤ︾ ᠠᠷᠭ᠎ᠠ ᠮᠠᠶ᠋ᠢᠭ ᠢᠶᠠᠷ ᠰᠢᠨᠡᠯᠡᠵᠦ᠂ ᠤᠬᠠᠮᠰᠠᠷ ᠠᠴᠠ ᠪᠠᠨ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠬᠤ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠶᠢ ᠤᠷᠢᠶᠠᠯᠠᠪᠠ᠃    
微信图片_20240125162626.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号