ᠯᠦᠪᠧᠢ ᠪᠠᠯᠭᠠᠰᠤᠨ ᠤ ᠬᠢᠨ ︽ᠲᠠᠯ᠎ᠠ ᠨᠤᠲᠤᠭ ᠤᠨ ᠨᠣᠮ ᠤᠨ ᠥᠷᠥᠭᠡ ᠳᠤ ᠨᠣᠮ ᠤᠨ ᠴᠠᠭᠠᠨ ᠪᠤᠶᠠᠨ ᠲᠡᠯᠭᠡᠷᠡᠵᠦ ᠪᠥᠬᠦ ᠠᠷᠠᠳ ᠢᠶᠠᠷ ᠢᠶᠠᠨ ᠨᠣᠮ ᠤᠩᠰᠢᠵᠤ ᠴᠠᠭᠠᠨ ᠰᠠᠷ᠎ᠠ ᠪᠠᠨ ᠤᠭᠲᠤᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/25
   1 ᠰᠠᠷ᠎ᠠ ᠶᠢᠨ 24  ᠤ ᠡᠳᠦᠷ᠂ ᠯᠦᠪᠧᠢ ᠪᠠᠯᠭᠠᠰᠤ ᠶᠢᠨ ᠬᠢᠨ ᠡᠯ᠎ᠡ ᠭᠠᠴᠠᠭ᠎ᠠ ᠲᠣᠰᠬᠤᠨ ᠢᠶᠠᠨ ᠵᠣᠬᠢᠶᠠᠨ ᠪᠠᠶᠢᠭᠤᠯᠵᠤ ᠂ ︽ᠲᠠᠯ᠎ᠠ ᠨᠤᠲᠤᠭ ᠤᠨ ᠨᠣᠮ ᠤᠨ ᠦᠷᠦᠭᠡ ᠳᠤ ᠨᠣᠮ ᠤᠨ ᠴᠠᠭᠠᠨ ᠪᠤᠶᠠᠨ ᠲᠡᠯᠭᠡᠷᠡᠵᠦ ᠪᠦᠬᠦ ᠠᠷᠠᠳ ᠢᠶᠠᠷ ᠢᠶᠠᠨ ᠨᠣᠮ ᠤᠩᠰᠢᠵᠤ ᠴᠠᠭᠠᠨ ᠰᠠᠷ᠎ᠠ ᠪᠠᠨ ᠤᠭᠲᠤᠬᠤ︾ ᠠᠵᠢᠯᠯᠠᠭ᠎ᠠ ᠦᠷᠨᠢᠭᠦᠯᠪᠡ᠃ ᠡᠯ᠎ᠡ ᠭᠠᠴᠠᠭ᠎ᠠ ᠲᠣᠰᠬᠤᠨ ᠤ ᠲᠠᠯ᠎ᠠ ᠨᠤᠲᠤᠭ ᠤᠨ ᠨᠣᠮ ᠤᠨ ᠦᠷᠦᠭᠡ ᠳᠤ᠂ ᠤᠯᠠᠨ ᠢᠶᠠᠷ ᠢᠶᠠᠨ ᠥᠪᠡᠷ ᠤᠨ ᠳᠤᠷᠠᠲᠠᠢ ᠨᠣᠮ ᠢᠶᠠᠨ ᠰᠣᠩᠭᠤᠵᠤ ᠤᠩᠰᠢᠬᠤ ᠶᠢᠨ ᠬᠠᠮᠲᠤ ᠬᠠᠷᠢᠯᠴᠠᠨ ᠬᠤᠪᠢᠶᠠᠯᠴᠠᠵᠤ᠂ ᠤᠷᠠᠨ ᠲᠣᠳᠣ ᠤᠩᠰᠢᠯᠭ᠎ᠠ ᠬᠢᠪᠡ᠃ ᠳᠠᠷᠠᠭᠠᠴᠢ ᠶᠢᠨ ᠠᠯᠬᠤᠮ ᠳᠤ᠂ ᠯᠦᠪᠧᠢ ᠪᠠᠯᠭᠠᠰᠤ ᠶᠢᠨ ᠬᠢᠨ ᠠᠵᠢᠯᠯᠠᠭ᠎ᠠ ᠶᠢᠨ ᠬᠡᠪ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠤᠯᠠᠨ ᠶᠠᠩᠵᠤ ᠶᠢᠨ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠣᠮ ᠪᠢᠴᠢᠭ ᠡᠷᠳᠡᠮ ᠮᠡᠳᠡᠯᠭᠡ  ᠶᠢ ᠤᠶᠤᠨ ᠰᠠᠨᠠᠭ᠎ᠠ ᠳᠤ ᠪᠠᠨ ᠰᠢᠩᠭᠡᠭᠡᠵᠦ᠂ ᠨᠣᠮ ᠪᠢᠴᠢᠭ ᠢᠶᠠᠷ ᠠᠮᠢᠳᠤᠷᠠᠯ ᠢᠶᠠᠨ ᠭᠡᠷᠡᠯᠳᠦᠬᠦᠯᠵᠦ᠂ ︽ᠨᠣᠮ ᠤᠩᠰᠢᠬᠤ ᠳᠤᠷᠠᠲᠠᠢ᠂ ᠨᠣᠮ ᠰᠠᠶᠢᠨ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ ᠭᠡᠪᠡ᠃ 
微信图片_20240125162618.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号