ᠪᠥᠬᠦ ᠬᠤᠰᠢᠭᠤᠨ ᠤ ᠰᠣᠨᠢᠨ ᠮᠡᠳᠡᠭᠡ ᠵᠠᠭᠤᠴᠢᠯᠠᠭᠤᠷ ᠤᠨ ᠠᠵᠢᠯ ᠤᠨ ᠰᠠᠷ᠎ᠠ ᠶᠢᠨ ᠲᠣᠬᠢᠷᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/1/25
    1 ᠰᠠᠷ᠎ᠠ ᠶᠢᠨ 22 ᠤᠨ ᠡᠳᠦᠷ᠂ ᠪᠦᠭᠦ ᠬᠤᠰᠢᠭᠤᠨ ᠤ ᠰᠣᠨᠢᠨ ᠮᠡᠳᠡᠭᠡ ᠵᠠᠭᠤᠴᠢᠯᠠᠭᠤᠷ ᠤᠨ ᠠᠵᠢᠯ ᠤᠨ ᠰᠠᠷ᠎ᠠ ᠶᠢᠨ ᠲᠣᠬᠢᠷᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ ᠬᠦᠮᠦᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠪᠡ᠃ ᠢᠦᠢ ᠯᠢᠩ ᠬᠤᠸ ᠱᠠᠭᠠᠷᠳᠠᠭᠰᠠᠨ ᠨᠢ᠂ ᠭᠤᠣᠯ ᠬᠥᠭ ᠠᠶᠠᠰ ᠢ ᠬᠠᠩᠭᠢᠨᠠᠭᠤᠯᠵᠤ᠂ ᠰᠠᠨᠠᠭᠠᠴᠢᠯᠠᠭᠠᠲᠤ ᠲᠡᠶᠢᠨ ᠢ ᠰᠠᠶᠢᠲᠤᠷ ᠬᠢᠵᠦ᠂ ᠭᠤᠣᠯᠳᠠᠯᠭ᠎ᠠ ᠲᠠᠢ ᠴᠠᠭ ᠬᠤᠭᠤᠴᠠᠭ᠎ᠠ ᠪᠠᠷ ᠠᠵᠠ ᠲᠣᠬᠢᠶᠠᠯ ᠪᠣᠯᠭᠠᠨ᠂ ᠨᠠᠩ ᠣᠯᠠᠨ ᠦᠨ᠎ᠡ ᠥᠷᠲᠡᠭ ᠲᠠᠢ᠂ ᠨᠥᠯᠥᠭᠡᠯᠡᠬᠦ ᠬᠦᠴᠦᠨ ᠲᠠᠢ ᠪᠦᠲᠦᠭᠡᠯ ᠨᠡᠶᠢᠲᠡᠯᠡᠵᠦ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠦᠷᠦᠯ ᠢ ᠤᠬᠠᠭᠤᠯᠤᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠤᠬᠠᠭᠤᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠰᠣᠨᠢᠨ ᠮᠡᠳᠡᠭᠡᠨ ᠤ ᠲᠣᠬᠢᠷᠠᠭᠤᠯᠤᠯᠲᠠ ᠶᠢᠨ ᠳᠦᠷᠢᠮ ᠢ ᠪᠠᠷᠢᠮᠲᠠᠯᠠᠨ᠂ ᠪᠥᠬᠦ ᠬᠤᠰᠢᠭᠤᠨ ᠤ ᠰᠣᠨᠢᠨ ᠮᠡᠳᠡᠭᠡ ᠤᠬᠠᠭᠤᠯᠭ᠎ᠠ ᠪᠠ ᠬᠠᠮ ᠵᠠᠭᠤᠴᠢᠯᠠᠭᠤᠷ ᠤᠨ ᠤᠯᠠᠮᠵᠢᠯᠠᠬᠤ ᠬᠦᠴᠦᠨ ᠢ ᠳᠡᠭᠡᠭᠰᠢᠯᠡᠭᠦᠯᠬᠦ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠠᠵᠢᠯ ᠤᠨ ᠳᠤᠮᠳᠠ ᠵᠥᠷᠢᠶ᠎ᠡ ᠪᠠᠨ ᠡᠷᠢᠵᠦ᠂ ᠵᠥᠷᠢᠶ᠎ᠡ ᠶᠢᠨ ᠳᠤᠮᠳᠠ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠳᠤᠲᠠᠭᠳᠠᠯ᠂ ᠪᠠᠭᠤᠷᠠᠢ ᠲᠠᠯ᠎ᠠ ᠪᠠᠨ ᠣᠯᠠᠮ ᠨᠢᠭᠡ ᠠᠯᠬᠤᠮ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠡᠯ᠎ᠡ ᠲᠠᠪᠴᠠᠩ ᠤᠨ ᠬᠡᠷᠡᠭᠯᠡᠯᠲᠡ ᠶᠢᠨ ᠲᠠᠯ᠎ᠠ ᠪᠠᠷ ᠲᠠᠬᠢᠨ ᠰᠢᠨ᠎ᠡ ᠰᠢᠯᠢᠳᠡᠭ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠪᠣᠷᠢᠯᠠᠪᠠ᠃ ᠬᠠᠮ ᠵᠠᠭᠤᠴᠢᠯᠠᠭᠤᠷ ᠤᠨ ᠲᠥᠪ ᠤᠨ ᠳᠠᠮᠵᠢᠭᠤᠯᠬᠤ ᠬᠦᠴᠦᠨ᠂ ᠬᠥᠭᠵᠢᠯᠲᠡ ᠶᠢᠨ ᠬᠠᠨᠳᠤᠰᠢ ᠪᠣᠯᠣᠨ ᠵᠢᠮ᠎ᠡ ᠶᠣᠰᠣ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠨᠡᠩ ᠤᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠵᠤ ᠬᠠᠮᠤᠭ ᠤᠨ ᠰᠢᠯᠢᠳᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠪᠡ᠃     ᠢᠦᠢ ᠯᠢᠩ ᠬᠤᠤ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠢᠨ ᠵᠠᠷᠤᠳ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠮᠢ ᠠᠬᠤᠢ ᠶᠢᠨ ᠵᠠᠰᠠᠯᠲᠠ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠵᠡᠷᠭᠡ ᠴᠢᠬᠤᠯᠠ ᠶᠡᠭᠡ ᠤᠬᠠᠭᠤᠯᠭ᠎ᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠲᠥᠰᠥᠪᠯᠡᠯ ᠢᠶᠠᠨ ᠴᠢᠩᠭᠠᠳᠬᠠᠵᠤ᠂ ᠳᠡᠭᠡᠷ᠎ᠡ ᠭᠤᠷᠪᠠᠨ ᠱᠠᠲᠤᠨ ᠤ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠠᠪᠴᠠᠩ ᠢ ᠠᠰᠢᠭᠯᠠᠵᠤ᠂ ᠨᠢᠭᠡ ᠪᠦᠯᠦᠭ ᠭᠦᠨᠴᠡ ᠲᠠᠢ᠂ ᠰᠦᠷ ᠬᠦᠴᠦᠨ ᠲᠠᠢ᠂ ᠦᠷ᠎ᠡ ᠪᠦᠲᠦᠮᠵᠢ ᠲᠠᠢ ᠰᠣᠨᠢᠨ ᠮᠡᠳᠡᠭᠡᠨ ᠤ ᠮᠡᠳᠡᠭᠡᠯᠡᠯ ᠢ ᠨᠡᠶᠢᠲᠡᠯᠡᠵᠦ᠂ ᠣᠳᠣᠬᠢᠴᠢᠯᠠᠭᠰᠠᠨ ᠵᠠᠷᠤᠳ ᠤᠨ ᠭᠤᠶᠢᠳᠠ ᠰᠠᠶᠢᠬᠠᠨ ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠬᠤ ᠶᠢ ᠬᠦᠰᠡᠵᠦ ᠪᠠᠶᠢᠨ᠎ᠠ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号