| 1 ᠰᠠᠷ᠎ᠠ ᠶᠢᠨ 23 ᠤ ᠡᠳᠦᠷ᠂ ᠵᠠᠷᠤᠳ ᠬᠤᠰᠢᠭᠤ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ᠃ | ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠢᠲᠠᠮᠠᠬᠠᠢ ᠬᠡᠢ ᠶᠢᠨ ᠲᠤᠰᠬᠠᠢ | ᠴᠡᠭᠴᠡᠯᠡᠨ ᠵᠠᠰᠠᠬᠤ ᠵᠢᠭᠰᠠᠭᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠬᠢᠨ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠣᠶᠢᠷ᠎ᠠ ᠶᠢᠨ ᠬᠤᠭᠤᠴᠠᠭᠠᠨ ᠤ ᠠᠵᠢᠯ ᠤᠨ | ᠠᠬᠢᠴᠠ ᠶᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ | ᠪᠠᠶᠢᠷᠢᠯᠠᠭᠤᠯᠪᠠ᠃ | ᠵᠠᠩ ᠯᠢ ᠭᠦᠸᠧ ᠴᠢᠬᠤᠯᠠᠴᠢᠯᠠᠭᠰᠠᠨ ᠨᠢ᠂ ᠲᠤᠰᠬᠠᠢ ᠠᠩᠭᠢ ᠶᠢᠨ ᠡᠯ᠎ᠡ ᠪᠦᠷᠢᠯᠳᠦᠭᠦᠨ ᠨᠢᠭᠡᠴᠡ ᠬᠢᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠴᠢᠩᠭ᠎ᠠ ᠨᠠᠶᠢᠳᠠᠪᠤᠷᠢᠵᠢᠭᠤᠯᠵᠤ᠂ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠰᠢᠲᠠᠮᠠᠬᠠᠢ ᠬᠡᠢ ᠶᠢᠨ | ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠡ ᠬᠢᠨ ᠠᠵᠢᠯ | ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠡᠮ ᠰᠣᠭᠤᠭ ᠢ | ᠵᠢᠭᠰᠠᠭᠠᠨ ᠪᠠᠶᠢᠴᠠᠭᠠᠬᠤ ᠨᠠᠷᠢᠨ ᠬᠠᠭᠤᠳᠠᠰᠤ ᠶᠢ ᠲᠣᠭᠲᠠᠭᠠᠵᠤ᠂ ᠰᠢᠲᠠᠮᠠᠬᠠᠢ ᠬᠡᠢ ᠶᠢᠨ ᠲᠤᠰᠬᠠᠢ ᠠᠩᠭᠢ ᠠᠴᠠ | ᠨᠢᠭᠡᠳᠦᠯᠲᠡᠢ ᠲᠣᠬᠢᠷᠠᠭᠤᠯᠤᠨ᠂ 2 ᠰᠠᠷ᠎ᠠ ᠶᠢᠨ 2 ᠤᠨ ᠡᠳᠦᠷ ᠠᠴᠠ ᠡᠮᠦᠨ᠎ᠡ ᠭᠤᠣᠯ ᠬᠤᠲᠠ ᠶᠢᠨ ᠲᠣᠭᠤᠷᠢᠭ ᠤᠨ | ᠬᠡᠪᠴᠢᠶᠡᠨ ᠳᠤ ᠰᠢᠨ᠎ᠡ ᠨᠢᠭᠡ ᠡᠭᠡᠯᠵᠢ ᠶᠢᠨ ᠬᠠᠮᠲᠤᠷᠠᠭᠰᠠᠨ ᠶᠡᠭᠡ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠢ᠃ | ᠳᠣᠲᠠᠭᠳᠠᠯ ᠢᠶᠠᠨ ᠦᠷᠭᠦᠯᠵᠢᠯᠡᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠪᠥᠬᠦ ᠬᠤᠰᠢᠭᠤᠨ ᠤ | ᠠᠶᠤᠯᠭᠦᠢ ᠦᠢᠯᠡᠳᠪᠦᠷᠢᠯᠡᠯ ᠤᠨ ᠨᠢᠭᠤᠴᠠ ᠪᠠᠷ ᠰᠤᠷᠪᠤᠯᠵᠢᠯᠠᠬᠤ ᠳᠤᠭᠤᠶᠢᠯᠠᠩ ᠤᠨ ᠬᠢᠨ ᠤ ᠪᠠᠶᠢᠴᠠᠭᠠᠨ ᠦᠵᠡᠭᠰᠡᠨ | ᠠᠰᠠᠭᠤᠳᠠᠯ ᠳᠤ ᠴᠢᠭᠯᠡᠭᠦᠯᠦᠨ᠂ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠬᠡᠷᠡᠭᠯᠡᠯᠲᠡ ᠤᠭᠰᠠᠷᠠᠯᠲᠠ ᠨᠢ ᠵᠢᠷᠤᠮᠵᠢᠯ | ᠦᠭᠡᠢ᠂ ᠲᠣᠭᠲᠠᠭᠠᠯ ᠠᠴᠠ ᠵᠥᠷᠢᠴᠡᠨ ᠪᠣᠷᠣᠯᠠᠭᠤᠯᠬᠤ᠂ ᠬᠢᠷᠢ ᠲᠡᠩᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ | ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠠᠰᠤᠷᠠᠯᠲᠠ | ᠦᠭᠡᠢ ᠴᠢᠩᠭᠠᠳᠬᠠᠬᠤ ᠬᠡᠷᠡᠭᠲᠡᠢ᠃ ᠾᠧᠨᠠᠨ ᠤ ᠠᠨᠶᠠᠩ ᠤᠨ 11.21 ᠰᠤᠷᠭᠠᠭᠤᠯᠢ ᠶᠢᠨ ᠭᠠᠯ ᠤᠨ ᠭᠠᠮᠰᠢᠭ ᠤᠨ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ | ᠲᠣᠪᠴᠢᠶ᠎ᠠ ᠶᠢᠨ ᠬᠢᠨ ᠵᠢᠵᠢᠭ ᠬᠤᠭᠤᠯᠠᠨ ᠰᠢᠷᠡᠭᠡ ᠪᠣᠯᠣᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ | ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠰᠢᠲᠠᠮᠠᠬᠠᠢ ᠬᠡᠢ ᠶᠢᠨ ᠠᠮᠤᠷ ᠲᠦᠪᠰᠢᠨ ᠤ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ | ᠬᠡᠷᠡᠭᠵᠢᠭᠦᠯᠬᠦ ᠲᠠᠯ᠎ᠠ ᠪᠠᠷ ᠡᠷᠡᠰ ᠴᠢᠩᠭ᠎ᠠ ᠬᠢᠨᠠᠨ ᠬᠠᠮᠢᠶᠠᠷᠴᠤ᠂ ᠳᠠᠯᠳᠠ ᠬᠡᠮ ᠤᠨ ᠠᠰᠠᠭᠤᠳᠠᠯ ᠢ ᠨᠠᠷᠢᠨ | ᠲᠠᠩᠰᠠᠴᠢᠯᠠᠨ ᠪᠠᠶᠢᠴᠠᠭᠠᠬᠤ᠂ ᠡᠬᠡ ᠲᠠᠩᠰᠠ ᠶᠢᠨ ᠳᠦᠷᠢᠮ ᠢᠶᠠᠷ ᠬᠠᠮᠢᠶᠠᠷᠬᠤ᠂ ᠪᠢᠲᠡᠭᠦᠦ ᠴᠠᠭᠠᠷᠢᠭ ᠮᠠᠶ᠋ᠢᠭ ᠢᠶᠠᠷ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠲᠠᠮᠠᠬᠠᠢ ᠬᠡᠢ ᠶᠢᠨ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃ | |