ᠪᠦᠦ ᠸᠧᠨ ᠯᠠᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠤᠳᠠᠯᠳᠣᠭᠠᠴᠢᠨ ᠤᠷᠢᠵᠤ ᠪᠡᠯᠡ ᠲᠠᠲᠠᠬᠤ ︽ᠡᠪᠦᠯ ᠤᠨ ᠤᠯᠠᠷᠢᠯ ᠤᠨ ᠳᠠᠭᠠᠷᠢᠯᠲᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/25
    1 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠤᠳᠠᠯᠳᠣᠭᠠᠴᠢᠨ ᠤᠷᠢᠵᠤ ᠪᠡᠯᠡ ᠲᠠᠲᠠᠬᠤ ︽ᠡᠪᠦᠯ ᠤᠨ ᠤᠯᠠᠷᠢᠯ ᠤᠨ ᠳᠠᠭᠠᠷᠢᠯᠲᠠ︾ ᠶᠢᠨ ᠠᠵᠢᠯᠯᠠᠭ᠎ᠠ ᠦᠷᠨᠢᠭᠦᠯᠪᠡ᠂ ᠲᠤᠰ ᠪᠦᠷᠢ ᠪᠡᠭᠡᠵᠢᠩ ᠤᠨ ᠲᠦᠩ ᠮᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠫᠧᠩ ᠹᠧᠩ ᠲᠠᠢ ᠬᠠᠮᠲᠤ ᠭᠡᠷᠡᠯ ᠰᠠᠯᠬᠢᠨ ᠤ ᠡᠨᠧᠷᠬᠢ ᠢᠶᠠᠷ ᠤᠰᠤᠲᠥ᠋ᠷᠥᠭᠴᠢ ᠰᠢᠪᠲᠦᠷ ᠦᠢᠯᠡᠳᠬᠦ᠂ ᠬᠢᠮᠡᠯ ᠠᠯᠮᠠᠰ ᠤᠨ ᠲᠥᠷᠥᠯ ᠵᠦᠢᠯ ᠢ ᠦᠷᠭᠦᠯᠵᠢᠯᠡᠨ ᠠᠬᠢᠭᠤᠯᠬᠤ᠂ ᠳᠤᠮᠳᠠᠳᠤ ᠤᠯᠤᠰ ᠤᠨ ᠺᠧ ᠯᠦᠩ ᠬᠤᠸᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠪᠢᠨ ᠲᠠᠢ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠬᠡᠳᠦ ᠴᠡᠪᠡᠷᠰᠢᠭᠦᠯᠡᠨ ᠭᠠᠳᠠᠭᠰᠢᠯᠠᠭᠤᠯᠬᠤ ᠲᠥᠷᠥᠯ ᠵᠦᠢᠯ ᠢ ᠲᠦᠯᠬᠢᠨ ᠠᠬᠢᠭᠤᠯᠬᠤ ᠲᠤᠬᠠᠢ ᠵᠥᠪᠳᠡᠯᠴᠡᠪᠡ᠃ ᠪᠡᠭᠡᠵᠢᠩ ᠤᠨ ᠹᠧᠩ ᠱᠧᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠩ ᠬᠠᠢ ᠶᠦᠩ ᠯᠦᠭᠡ 3000 ᠲᠦᠮᠡᠨ ᠮᠢᠬ᠎ᠠ ᠲᠠᠬᠢᠶ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠭᠦᠨᠵᠡᠭᠡᠢ ᠠᠬᠢᠭᠤᠯᠵᠤ᠂ ᠲᠦᠷᠦᠯ ᠵᠦᠢᠯ ᠢ ᠠᠬᠢᠭᠤᠯᠬᠤ ᠬᠠᠨᠳᠣᠰᠢ ᠪᠠᠨ ᠣᠯᠠᠮ ᠨᠢᠭᠡ ᠠᠯᠬᠤᠮ ᠲᠣᠳᠣᠷᠬᠠᠶᠢᠯᠠᠵᠤ᠂ ᠭᠠᠷ ᠭᠦᠢᠴᠡᠳᠬᠡᠯ ᠬᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠡᠬᠢᠯᠡᠨ ᠪᠦᠲᠦᠭᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠃ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ᠂ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
2bce8d1b47680dabd567f14287c4d36.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号