| ᠴᠠᠭᠠᠨ ᠰᠠᠷᠠᠪᠣᠯᠬᠤ ᠭᠡᠵᠦ ᠪᠠᠶᠢᠭ᠎ᠠ ᠲᠠᠰᠢᠷᠠᠮ ᠳᠤ᠂ 1 ᠰᠠᠷ᠎ᠠ ᠶᠢᠨ 24 ᠤ ᠡᠳᠦᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠸᠠᠩ ᠴᠢᠶᠦ᠋ᠩ ᠬᠠᠮᠲᠤ ᠶᠠᠪᠣᠭᠰᠠᠳ ᠲᠠᠢ ᠪᠠᠨ ᠳᠣᠯᠣᠲᠤ | ᠰᠤᠮᠤ ᠳᠤ ᠬᠦᠷᠴᠦ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢ ᠲᠣᠬᠤᠨᠢᠭᠤᠯᠪᠠ᠂ | ᠬᠤᠰᠢᠭᠤᠨ ᠤ ᠳᠡᠳ᠋ ᠳᠠᠷᠤᠭ᠎ᠠ ᠵᠠᠩ ᠯᠢ ᠭᠦᠸᠧ ᠪᠠᠷ᠎ᠠ ᠪᠣᠯᠪᠠ᠃ | ᠡᠷᠦᠬᠡ ᠳᠤ ᠣᠷᠣᠬᠤ ᠶᠠᠪᠤᠴᠠ ᠳᠤ᠂ ᠸᠠᠩ ᠴᠢᠶᠦ᠋ᠩ ᠳᠣᠯᠣᠲᠤ ᠭᠠᠴᠠᠭᠠᠨ ᠤ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠶᠢᠨ ᠣᠶᠢᠷ᠎ᠠ ᠶᠢᠨ ᠬᠤᠭᠤᠴᠠᠭᠠᠨ ᠤ ᠪᠡᠶ᠎ᠡ ᠶᠢᠨ ᠪᠠᠶᠢᠳᠠᠯ ᠪᠠ | ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠣᠬᠤᠨᠢᠭᠤᠯᠬᠤ ᠪᠣᠳᠠᠰ ᠬᠦᠷᠭᠡᠪᠡ᠃ ᠲᠡᠳᠡᠨ ᠤ ᠠᠮᠢᠳᠤᠷᠠᠯ ᠳᠤ | ᠵᠣᠷᠢᠭᠲᠠᠢ ᠪᠠᠷ ᠬᠠᠨᠳᠤᠵᠤ᠂ ᠬᠦᠴᠢᠷ ᠪᠡᠷᠬᠡᠰᠢᠶᠡᠯ ᠢ ᠢᠳᠡᠪᠬᠢᠲᠡᠢ ᠪᠠᠷ ᠢᠯᠠᠨ ᠳᠠᠪᠠᠭ᠋ᠤ ᠶᠢ ᠵᠣᠷᠢᠭᠵᠢᠭᠤᠯᠬᠤ ᠶᠢᠨ | ᠬᠠᠮᠲᠤ ᠣᠳᠣᠬᠠᠨ ᠤ ᠶᠠᠳᠠᠭᠤ ᠶᠢ ᠲᠡᠳᠬᠦᠬᠦ ᠲᠦᠷᠦ ᠶᠢᠨ ᠪᠣᠳᠣᠯᠭ᠎ᠠ ᠪᠠ ᠪᠣᠳᠠᠲᠤ ᠪᠠᠶᠢᠳᠠᠯ ᠢ ᠦᠨᠳᠦᠰᠦᠯᠡᠨ᠂ | ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ ᠬᠡᠷᠡᠭᠲᠡᠢ ᠭᠡᠪᠡ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠣᠷᠴᠢᠨ ᠠᠬᠤᠢ ᠡᠬᠢ ᠪᠠᠶᠠᠯᠢᠭ ᠤᠨ ᠠᠵᠢᠯ ᠤᠨ ᠵᠥᠪᠯᠡᠯ ᠤᠨ | ᠡᠷᠬᠢᠯᠡᠭᠴᠢ ᠮᠦ ᠶᠦᠩ ᠴᠦᠨ ᠰᠢᠷᠡᠭᠡᠲᠦ ᠭᠠᠴᠠᠭ᠎ᠠ᠂ ᠡᠷᠭᠡᠲᠦ ᠭᠠᠴᠠᠭ᠎ᠠ ᠪᠣᠯᠣᠨ ᠪᠠᠶᠠᠨᠮᠠᠩᠬ᠎ᠠ ᠭᠠᠴᠠᠭ᠎ᠠ ᠳᠤ | ᠬᠦᠷᠴᠦ ᠲᠠᠪᠤᠨ ᠪᠠᠲᠤᠯᠠᠭᠠᠲᠤ ᠡᠷᠦᠬᠡ ᠶᠢ ᠲᠣᠬᠤᠨᠢᠭᠤᠯᠵᠤ᠂ ᠲᠠᠪᠤᠨ ᠪᠠᠲᠤᠯᠠᠭᠠᠲᠤ ᠡᠷᠦᠬᠡ ᠶᠢ ᠬᠠᠬᠢᠷ ᠬᠦᠢᠲᠡᠨ ᠢ | ᠰᠡᠷᠭᠡᠶᠢᠯᠡᠵᠦ ᠬᠠᠯᠠᠭᠤᠨ ᠳᠤᠯᠠᠭᠠᠨ ᠪᠠᠶᠢᠯᠭᠠᠬᠤ ᠶᠢ ᠠᠩᠬᠠᠷᠬᠤ ᠬᠡᠷᠡᠭᠲᠡᠢ ᠭᠡᠵᠦ ᠵᠠᠬᠢᠵᠤ᠂ 2024 ᠣᠨ ᠤ ᠰᠢᠨ᠎ᠡ | ᠵᠢᠯ ᠤᠨ ᠵᠥᠩᠨᠡᠯ ᠢᠶᠠᠨ ᠤᠷᠢᠳᠴᠢᠯᠠᠨ ᠬᠦᠷᠭᠡᠪᠡ᠃ | ᠬᠠᠬᠢᠷ ᠡᠪᠦᠯ ᠤᠨ ᠬᠦᠢᠳᠡᠨ ᠳᠤ ᠲᠣᠬᠤᠨᠢᠭᠤᠯᠭ᠎ᠠ ᠬᠢᠵᠦ ᠬᠠᠯᠠᠭᠤᠨ ᠳᠤᠯᠠᠭᠠᠨ ᠬᠦᠷᠭᠡᠵᠦ᠂ ᠦᠨᠡᠨ | ᠰᠡᠳᠬᠢᠯ ᠤᠨ ᠬᠠᠯᠠᠮᠵᠢᠯᠠᠯ ᠨᠢ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠰᠣᠷᠪᠤᠯᠵᠢᠯᠠᠭ᠎ᠠ ᠳᠠᠭᠤᠰᠤᠭᠰᠠᠨ ᠤ | ᠳᠠᠷᠠᠭ᠎ᠠ᠂ ᠸᠠᠩ ᠴᠢᠶᠦ᠋ᠩ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠰᠡᠳᠬᠢᠯ ᠳᠡᠭᠡᠨ ᠪᠤᠳᠤᠵᠤ᠂ | ᠦᠷᠭᠦᠯᠵᠢ ᠰᠤᠷᠪᠤᠯᠵᠢᠯᠠᠵᠤ ᠢᠯᠡᠭᠦᠬᠡᠨ ᠲᠣᠬᠤᠨᠢᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ | ᠲᠠᠯᠪᠢᠨ ᠰᠠᠶᠢᠲᠤᠷ ᠬᠢᠵᠦ᠂ ᠣᠯᠠᠨ ᠲᠦᠮᠡᠨ ᠤ ᠬᠠᠯᠠᠭᠤᠨ ᠳᠤᠯᠠᠭᠠᠨ᠂ ᠥᠯᠵᠡᠢ ᠪᠡᠯᠭᠡ ᠲᠠᠢ ᠪᠠᠷ ᠴᠠᠭᠠᠨ ᠰᠠᠷ᠎ᠠ ᠪᠠᠨ | ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠠᠬᠢᠪᠠ᠃ | |