ᠵᠠᠷᠤᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠄ ︽ᠭᠤᠷᠪᠠ ᠶᠢ ᠪᠣᠳᠠᠲᠠᠶᠢᠵᠢᠭᠤᠯᠵᠤ︾ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠪᠠᠲᠤ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2024/1/26
    ᠰᠢ ᠶᠢᠨ ᠫᠢᠩ ᠶᠡᠷᠦᠩᠬᠡᠢ ᠱᠦᠵᠢ ᠶᠢᠨ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠣᠣᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠳᠤ ᠭᠠᠷᠭᠠᠭᠰᠠᠨ ᠠᠮᠤᠷ ᠲᠦᠪᠰᠢᠨ ᠤ ᠠᠳᠡᠯ ᠤᠨ ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠨᠠᠶᠢᠲᠠᠪᠣᠷᠢᠵᠢᠭᠤᠯᠬᠤ ᠶᠢᠨ ᠲᠦᠯᠦᠭᠡ᠂ ᠵᠠᠷᠤᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠣᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠦᠨᠡᠨ ᠬᠦ ᠪᠠᠲᠤᠯᠠᠪᠠ᠃     ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠲᠠᠲᠠᠶᠢᠵᠢᠭᠤᠯᠪᠠ᠃ ᠲᠡᠷᠡ ᠳᠠᠷᠤᠢ ᠳᠤᠨᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠥᠰᠥᠯ ᠢ ᠬᠢᠨᠠᠮᠠᠭᠠᠢ ᠲᠣᠭᠲᠠᠭᠠᠨ᠂ ᠠᠶᠣᠯᠭᠦᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠭᠠᠯ ᠤᠨᠲᠠᠷᠠᠭᠠᠬᠤ ᠠᠵᠢᠯ ᠤᠨ ᠬᠢᠨᠠᠨ ᠪᠠᠶᠢᠴᠠᠭᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠪᠠᠶᠢᠴᠠᠭᠠᠬᠤ ᠬᠡᠪᠴᠢᠶ᠎ᠡ ᠬᠢᠭᠡᠳ ᠠᠭᠤᠯᠭ᠎ᠠ ᠶᠢ ᠲᠣᠳᠣᠷᠬᠠᠶᠢᠯᠠᠨ᠂ ᠣᠨᠴᠠᠭᠠᠶᠢᠯᠠᠨ ᠪᠠᠶᠢᠷᠢ  ᠳᠤ ᠰᠠᠭᠤᠬᠤ ᠳᠦᠷᠢᠮᠲᠦ ᠰᠤᠷᠭᠠᠭᠤᠯᠢ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠶᠢ ᠭᠤᠣᠯᠳᠠᠯᠭ᠎ᠠ ᠠᠳᠬᠤᠪᠠ᠃ ᠡᠭᠦᠨ ᠤ ᠬᠠᠮᠲᠤ ︽ᠬᠡᠨ ᠪᠠᠶᠢᠴᠠᠭᠠᠪᠠᠯ᠂ ᠬᠡᠨ ᠭᠠᠷ ᠤᠨ ᠥᠰᠥᠭ ᠵᠢᠷᠣᠵᠤ᠂ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠵᠢᠭᠰᠠᠭᠠᠨ ᠪᠠᠶᠢᠴᠠᠭᠠᠬᠤ ᠪᠠ ᠪᠠᠶᠢᠴᠠᠭᠠᠬᠤ ᠠᠵᠢᠯᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠬᠡᠷᠡᠭᠵᠢᠭᠦᠯᠦᠨ᠂ ᠶᠣᠰᠣᠨ ᠲᠡᠳᠦᠢ ᠥᠩᠭᠡᠷᠡᠭᠦᠯᠬᠦ᠂ ᠬᠡᠯᠪᠡᠷᠢ ᠶᠢᠨ ᠲᠡᠳᠤᠢ ᠬᠢᠬᠦ ᠶᠢ ᠡᠷᠡᠰ ᠬᠤᠷᠢᠭᠯᠠᠪᠠ᠃     ᠦᠨᠡᠨᠬᠦ ᠠᠳᠬᠤᠨ ᠪᠣᠳᠠᠲᠠᠢ ᠪᠠᠷ ᠪᠠᠶᠢᠴᠠᠭᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠣᠲᠠᠲᠠᠶᠢᠵᠢᠭᠤᠯᠪᠠ᠃ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠲᠤᠰᠬᠠᠢ ᠵᠦᠢᠯ ᠢᠶᠠᠷ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠤᠷᠤᠭᠴᠢᠳ ᠤᠨ ᠪᠠᠶᠢᠷᠢ᠂ ᠬᠢᠴᠢᠶᠡᠯ ᠤᠨ ᠭᠡᠷ᠂ ᠬᠤᠭᠤᠯᠠᠨ ᠭᠡᠷ ᠵᠡᠷᠭᠡ ᠬᠥᠮᠥᠰ ᠤᠨ ᠴᠤᠭᠯᠠᠷᠠᠭᠰᠠᠨ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠦᠨ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠶᠤᠯᠭᠦᠢ ᠬᠠᠮᠢᠶᠠᠷᠤᠯᠲᠠ᠂ ᠭᠠᠯ ᠰᠡᠷᠭᠡᠶᠢᠯᠡᠬᠦ ᠠᠶᠤᠯᠭᠦᠢ ᠲᠠᠷᠬᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ᠂ ᠳᠦᠷᠢᠮ ᠠᠴᠠ ᠵᠥᠷᠢᠴᠡᠨ ᠭᠠᠯ ᠴᠠᠬᠢᠯᠭᠠᠨ ᠬᠡᠷᠡᠭᠯᠡᠬᠦ ᠵᠡᠷᠭᠡ ᠭᠠᠯ ᠤᠨ ᠭᠠᠮᠰᠢᠭ ᠤᠨ ᠳᠠᠯᠳᠠ ᠬᠡᠮ ᠤᠨ ᠲᠣᠭᠤᠷᠢᠨ ᠳᠤ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠦᠷᠨᠢᠭᠦᠯᠪᠡ᠃ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠲᠠᠢ ᠬᠤᠯᠪᠤᠭᠠᠯᠠᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠤᠷᠭᠠᠭᠤᠯᠢ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠲᠤᠰᠬᠠᠢ ᠪᠠᠶᠢᠴᠠᠭᠠᠯᠲᠠ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠪᠠ᠃     ᠨᠠᠷᠢᠨ ᠬᠢᠨᠠᠮᠠᠭᠠᠢ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠲᠠᠲᠠᠶᠢᠵᠢᠭᠤᠯᠪᠠ᠃ ᠵᠢᠭᠰᠠᠭᠠᠨ ᠪᠠᠶᠢᠴᠠᠭᠠᠬᠤ ᠪᠠ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠭᠠᠯ ᠤᠨ ᠭᠠᠮᠰᠢᠭ ᠤᠨ ᠳᠠᠯᠳᠠ ᠬᠡᠮ ᠪᠣᠯᠣᠨ ᠭᠠᠯ ᠰᠡᠷᠭᠡᠶᠢᠯᠡᠬᠦ ᠠᠮᠤᠷ ᠲᠥᠪᠰᠢᠨ ᠤ ᠲᠣᠪᠣᠶᠢᠮ᠎ᠠ ᠠᠰᠠᠭᠤᠳᠠᠯ ᠳᠤ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠵᠠᠷᠯᠢᠭᠳᠠᠵᠤ ᠪᠠᠶᠢᠭᠠᠳ ᠠᠬᠤᠢ ᠲᠠᠯᠠᠪᠠᠢ ᠳᠤᠨᠢ ᠴᠡᠭᠴᠡᠯᠡᠨ ᠰᠠᠶᠢᠵᠢᠷᠠᠭᠤᠯᠪᠠ᠂ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠦᠭᠡᠢ ᠪᠤᠶᠤ ᠬᠦᠨᠳᠦ ᠶᠡᠭᠡ ᠠᠮᠤᠷ ᠲᠦᠪᠰᠢᠨ ᠪᠠ ᠭᠠᠯ ᠤᠨᠲᠠᠷᠠᠭᠠᠬᠤ ᠳᠠᠯᠳᠠ ᠬᠡᠮ ᠣᠷᠣᠰᠢᠵᠤ ᠪᠠᠶᠢᠬᠤ ᠶᠢ ᠨᠢ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠣᠷᠣᠨ ᠪᠦᠰᠡ ᠳᠤ ᠵᠢᠭᠰᠠᠭᠠᠨ ᠣᠷᠣᠭᠤᠯᠵᠤ᠂ ︽ᠴᠢᠭ᠋ ᠠᠴᠠ ᠴᠢᠭ᠋ ᠲᠤ ᠬᠦᠷᠬᠦ︾ ᠮᠥᠷᠳᠡᠨ ᠬᠢᠨᠠᠨ ᠵᠢᠯᠤᠭᠤᠳᠬᠤ᠂ ᠬᠡᠰᠡᠭ ᠬᠤᠪᠢᠶᠠᠨ ᠳᠠᠭᠠᠭᠠᠴᠢᠯᠠᠬᠤ ᠵᠡᠷᠭᠡ ᠬᠡᠯᠪᠡᠷᠢ ᠶᠢ ᠠᠪᠴᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠴᠡᠭᠴᠡᠯᠡᠨ ᠰᠠᠶᠢᠵᠢᠷᠠᠭᠤᠯᠬᠤ ᠪᠠᠷ ᠠᠮᠤᠷ ᠲᠦᠪᠰᠢᠨ ᠢ ᠠᠬᠢᠭᠤᠯᠬᠤ ᠶᠢ ᠦᠨᠡᠨᠬᠦ ᠪᠡᠶᠡᠯᠡᠭᠦᠯᠪᠡ᠃ ᠣᠲᠣ ᠪᠣᠯᠲᠠᠯ᠎ᠠ᠂ ᠪᠠᠶᠢᠴᠠᠭᠠᠵᠤ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ  ᠢ ᠨᠢᠭᠡᠨᠲᠡ ᠪᠦᠬᠦᠨ   ᠢᠶᠠᠷ ᠨᠢ ᠴᠡᠭᠴᠡᠯᠡᠨ ᠵᠠᠰᠠᠵᠤ ᠳ᠋ᠤᠭᠠᠷ  ᠢ ᠨᠢ ᠬᠠᠰᠤᠭᠰᠠᠨ ᠪᠠᠶᠢᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号