ᠬᠡᠮᠵᠢᠭᠦᠷ ᠪᠣᠯ ᠤᠯᠤᠰ ᠤᠨ ᠶᠠᠰᠤ ᠴᠢᠨᠠᠷ ᠤᠨ ᠴᠢᠬᠤᠯᠠ ᠰᠠᠭᠤᠷᠢ ᠲᠥᠬᠦᠭᠡᠷᠦᠮᠵᠢ ᠮᠥᠨ᠂ ᠠᠵᠤ | ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠲᠤᠯᠭᠠᠭᠤᠷᠢᠯᠠᠵᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠪᠡᠶᠡᠯᠡᠭᠦᠯᠬᠦ ᠶᠢᠨ ᠴᠢᠬᠤᠯᠠ | ᠰᠠᠭᠤᠷᠢ ᠮᠥᠨ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠮᠵᠢᠯᠲᠡ ᠰᠠᠨᠠᠭ᠎ᠠ ᠠᠮᠤᠷ᠂ ᠬᠡᠮᠵᠢᠯᠲᠡ ᠶᠢᠨ ᠬᠡᠷᠡᠭᠰᠡᠯ ᠢ | ᠬᠡᠷᠡᠭᠯᠡᠵᠦ ᠪᠠᠶᠢᠭ᠎ᠠ ᠠᠵᠤ ᠠᠬᠤᠶᠢᠯᠠᠯ ᠤᠨ ᠬᠡᠪ ᠤᠨ ᠤᠶᠢᠯᠡᠳᠪᠤᠷᠢᠯᠡᠯ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ | ᠵᠢᠯ ᠳᠤ᠂ ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠪᠠᠷ ᠭᠠᠷᠳᠠᠴᠠ | ᠪᠣᠯᠭᠠᠨ᠂ ᠬᠡᠮᠵᠢᠯᠲᠡ ᠶᠢᠨ ᠦᠢᠯᠡᠴᠢᠯᠡᠭᠡᠨ ᠤ ᠬᠠᠮ ᠠᠷᠭ᠎ᠠ ᠬᠡᠮᠵᠢᠶ᠎ᠡ ᠶᠢ ᠰᠠᠶᠢᠲᠤᠷ ᠠᠪᠴᠤ᠂ ᠵᠠᠬ᠎ᠠ ᠳᠡᠯᠭᠡᠭᠦᠷ ᠤᠨ | ᠡᠮᠬᠢ ᠵᠢᠷᠤᠮ ᠢ ᠵᠢᠷᠤᠮᠵᠢᠭᠤᠯᠤᠨ᠂ ᠬᠡᠷᠡᠭᠯᠡᠭᠴᠢᠳ ᠤᠨ ᠰᠠᠨᠠᠭ᠎ᠠ ᠠᠮᠤᠷ ᠪᠠᠶᠢᠬᠤ ᠶᠢ ᠠᠬᠢᠭᠤᠯᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠪᠠ᠃ | | | | | ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠵᠦ᠂ ᠬᠡᠪ ᠳᠠᠭᠤᠷᠢᠶᠠᠯ ᠪᠤᠯᠪᠠ᠃ ᠲᠣᠰᠣ ᠨᠡᠮᠡᠬᠦ ᠮᠠᠰᠢᠨ ᠳᠤ | ᠬᠡᠮ ᠬᠢᠬᠦ ᠶᠢ ᠶᠡᠷᠦᠩᠬᠡᠶᠢᠯᠡᠨ ᠵᠠᠰᠠᠬᠤ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠲᠣᠰᠣ ᠨᠡᠮᠡᠬᠦ ᠮᠠᠰᠢᠨ ᠳᠤ ᠬᠡᠮ | ᠬᠢᠬᠦ ᠶᠢ ᠰᠡᠷᠭᠡᠶᠢᠯᠡᠬᠦ ᠵᠢᠭᠰᠡᠭᠠᠨ ᠪᠠᠶᠢᠴᠠᠭᠠᠯᠳᠠ ᠪᠦᠬᠦᠨ ᠢ ᠬᠠᠮᠤᠷᠤᠨ᠂ ᠬᠡᠷᠡᠭᠯᠡᠭᠴᠢᠳ ᠤᠨ ᠵᠠᠭᠠᠯᠳᠤᠭᠰᠠᠨ ᠲᠣᠰᠣ | ᠨᠡᠮᠡᠬᠦ ᠥᠷᠲᠡᠭᠡ ᠶᠢ ᠭᠡᠨᠡᠳᠲᠡ ᠶᠢᠨ ᠪᠠᠶᠢᠴᠠᠭᠠᠯᠲᠠ ᠬᠢᠬᠦ ᠠᠵᠢᠯ ᠦᠷᠨᠢᠭᠦᠯᠪᠡ᠃ ᠠᠵᠤ ᠠᠬᠤᠶᠢᠯᠠᠯ ᠤᠨ | ᠬᠡᠮᠵᠢᠯᠲᠡ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠰᠣ ᠨᠡᠮᠡᠬᠦ | ᠥᠷᠲᠡᠭᠡ ᠶᠢ ᠬᠠᠪᠰᠤᠷᠤᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢ ᠶᠢᠨ ᠬᠡᠮᠵᠢᠯᠲᠡ ᠬᠢᠬᠦ ᠲᠠᠯ᠎ᠠ ᠪᠠᠷ | ᠥᠪᠡᠷ ᠤᠨ ᠠᠮᠠᠯᠠᠯᠲᠠ ᠬᠢᠬᠦ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠪᠥᠬᠦ ᠬᠤᠰᠢᠭᠤᠨ ᠤ ᠲᠣᠰᠣ ᠨᠡᠮᠡᠬᠦ | ᠥᠷᠲᠡᠭᠡ ᠶᠢᠨ ᠬᠢᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠢᠯᠡ ᠠᠮᠠᠯᠠᠯᠲᠠ ᠬᠢᠭᠰᠡᠨ ᠨᠢ 55 ᠡᠷᠤᠭᠡ ᠪᠠᠶᠢᠵᠦ | ᠂ ᠨᠢᠭᠡᠨᠳᠡ ᠪᠠᠶᠢᠭᠤᠯᠤᠭᠰᠠᠨ ᠡᠵᠡᠩᠨᠡᠵᠦ ᠪᠠᠶᠢᠭ᠎ᠠ ᠲᠣᠰᠣ ᠨᠡᠮᠡᠬᠦ ᠥᠷᠲᠡᠭᠡ ᠶᠢᠨ ᠶᠡᠷᠦᠩᠬᠡᠢ ᠬᠡᠮᠵᠢᠶᠡᠨ ᠤ | 100% ᠶᠢ ᠡᠵᠡᠯᠡᠨ᠂ ︽ᠨᠠᠳᠠ ᠪᠠᠷ ᠠᠮᠠᠯᠠᠯᠳᠠ ᠬᠢᠯᠭᠡᠵᠦ ᠪᠠᠶᠢᠭᠰᠠᠨ︾ ᠠᠴᠠ ︽ᠪᠢ ᠦᠪᠡᠰᠤᠪᠡᠨ ᠠᠮᠠᠯᠠᠯᠳᠠ | ᠬᠢᠬᠦ︾ ᠦᠵᠡᠯ ᠰᠠᠨᠠᠭᠠᠨ ᠤ ᠬᠤᠪᠢᠷᠠᠯᠲᠠ ᠶᠢ ᠪᠡᠶᠡᠯᠡᠭᠦᠯᠵᠦ᠂ ᠦᠨᠡᠨᠴᠢ ᠢᠲᠡᠭᠡᠮᠵᠢᠲᠡᠢ ᠪᠠᠷ ᠬᠡᠮᠵᠢᠬᠦ᠂ ᠬᠠᠤᠯᠢ ᠶᠢ | ᠰᠠᠬᠢᠵᠤ ᠡᠵᠡᠩᠨᠡᠭᠰᠡᠨ ᠬᠡᠮᠵᠢᠯᠲᠡ ᠶᠢᠨ ᠲᠣᠰᠣ ᠨᠡᠮᠡᠬᠦ ᠥᠷᠲᠡᠭᠡ ᠶᠢᠨ ᠬᠡᠪ ᠳᠠᠭᠤᠷᠢᠶᠠᠯ ᠢ ᠪᠣᠶ ᠪᠣᠯᠭᠠᠪᠠ᠃ | ︽ᠠᠰᠠᠭᠤᠳᠠᠯ ᠲᠠᠢ ᠭᠡᠮᠵᠢᠬᠦᠷ︾ ᠢ ᠪᠠᠶᠢᠴᠠᠭᠠᠨ ᠰᠢᠢᠳᠪᠦᠷᠢᠯᠡᠵᠦ᠂ ᠰᠡᠳᠬᠢᠯ ᠠᠮᠤᠷ ᠬᠡᠷᠡᠭᠯᠡᠭᠡ ᠶᠢ ᠪᠠᠳᠤᠯᠠᠪᠠ | ᠃ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠷᠢᠶᠠᠲᠤ ᠣᠷᠣᠨ ᠤ ᠡᠯᠧᠺᠲᠷᠣᠨ ᠵᠢᠩᠯᠡᠭᠦᠷ ᠤᠨ ᠪᠣᠷᠤᠯᠠᠭᠤᠯᠭ᠎ᠠ᠂ | ᠰᠡᠯᠪᠢᠨ ᠵᠠᠰᠠᠬᠤ ᠡᠵᠡᠩᠨᠡᠯᠲᠡ ᠶᠢᠨ ᠡᠷᠦᠬᠡ ᠲᠠᠢ ᠪᠣᠯᠵᠣᠨ ᠶᠠᠷᠢᠯᠴᠠᠵᠤ᠂ ︽ᠠᠰᠠᠭᠤᠳᠠᠯ ᠲᠠᠢ ᠵᠢᠩᠯᠡᠭᠦᠷ︾ ᠢ ᠡᠬᠢ | ᠡᠭᠦᠰᠦᠯ ᠠᠴᠠ ᠨᠢ ᠪᠦᠲᠦᠮᠵᠢᠲᠡᠶ ᠬᠠᠮᠢᠶᠠᠷᠤᠨ ᠡᠵᠡᠮᠳᠡᠵᠦ ᠵᠠᠬ᠎ᠠ ᠳᠡᠯᠭᠡᠭᠦᠷ ᠲᠤ ᠤᠷᠤᠭᠤᠯᠪᠠ᠃ ᠤᠯᠤᠰ ᠤᠨ | ᠪᠣᠯᠪᠠᠰᠤᠨ ᠬᠤᠳᠠ᠂ ᠠᠷᠢᠭᠤᠨ ᠴᠡᠪᠡᠷ ᠬᠤᠳᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠭᠡᠳᠤ ᠳᠡᠯᠭᠡᠭᠦᠷ ᠢᠶᠠᠷ ᠭᠤᠣᠯᠳᠠᠯᠭ᠎ᠠ | ᠪᠣᠯᠭᠠᠨ᠂ ᠡᠯᠧᠺᠲᠷᠣᠨ ᠵᠢᠩᠯᠡᠭᠦᠷ ᠲᠤ ᠭᠡᠮ ᠬᠢᠬᠦ ᠵᠡᠷᠭᠡ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ | ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠬᠦᠴᠦᠨ ᠢᠶᠠᠨ ᠲᠥᠪᠯᠡᠷᠡᠭᠦᠯᠦᠨ ᠥᠷᠨᠢᠭᠦᠯᠵᠦ᠂ 480 | ᠡᠷᠤᠭᠡ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠤᠨ ᠦᠨ᠎ᠡ ᠪᠤᠳᠤᠬᠤ ᠡᠯᠧᠺᠲᠷᠣᠨ | ᠵᠢᠩᠯᠡᠭᠦᠷ ᠢ 1534 ᠰᠠᠤᠷᠢ ᠪᠠᠶᠢᠴᠠᠭᠠᠵᠤ᠂ ᠡᠯᠧᠺᠲᠷᠣᠨ ᠦᠨ᠎ᠡ ᠪᠤᠳᠤᠬᠤ ᠬᠡᠮᠵᠢᠭᠦᠷ ᠤᠨ ᠬᠡᠮᠵᠢᠯᠲᠡ ᠶᠢᠨ | ᠬᠠᠤᠯᠢ ᠠᠴᠠ ᠵᠥᠷᠢᠴᠡᠭᠰᠡᠨ 39 ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠪᠡ᠃ ᠡᠭᠦᠨ ᠤ ᠬᠠᠮᠲᠤ ᠵᠠᠬ᠎ᠠ ᠳᠡᠯᠭᠡᠭᠦᠷ | ᠡᠷᠭᠢᠯᠡᠨ ᠬᠢᠭᠴᠢ ᠶᠢ ᠰᠢᠮᠳᠠᠭᠤᠯᠵᠤ ᠪᠠᠶᠢᠭᠠᠳ ᠲᠠᠯᠠᠪᠠᠶ ᠳᠤ ᠣᠷᠣᠵᠤ ᠡᠵᠡᠩᠨᠡᠭᠴᠢᠳ ᠤᠨ ᠥᠪᠡᠷ ᠢᠶᠠᠨ | ᠪᠡᠯᠡᠳᠬᠡᠭᠰᠡᠨ ᠬᠡᠮᠵᠢᠭᠦᠷ ᠢ ᠪᠦᠷᠢᠳᠬᠡᠨ ᠳᠡᠩᠰᠡᠯᠡᠵᠦ᠂ ᠳ᠋ᠤᠭᠠᠷᠯᠠᠨ ᠬᠠᠮᠢᠶᠠᠷᠬᠤ ᠪᠠ ᠦᠶᠡᠯᠡᠯ ᠤᠨ | ᠬᠤᠭᠤᠴᠠᠭ᠎ᠠ ᠲᠠᠢ ᠪᠠᠷ ᠰᠢᠯᠭᠠᠨ ᠲᠤᠭᠳᠠᠭᠠᠪᠠ᠃ | | | | | ᠬᠦᠴᠢᠷᠳᠡᠯ ᠢ ᠰᠢᠢᠳᠪᠦᠷᠢᠯᠡᠵᠦ᠂ ᠬᠡᠮᠵᠢᠯᠲᠡ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠤᠷᠤᠭᠤᠯᠪᠠ᠃ | ᠰᠢᠯᠭᠠᠨ ᠲᠣᠭᠲᠠᠭᠠᠬᠤ ᠶᠠᠪᠤᠴᠠ ᠶᠢ ᠪᠠᠭᠠᠰᠬᠠᠵᠦ᠂ ᠴᠢᠨᠠᠷ ᠰᠠᠶᠢᠲᠠᠢ ᠦᠢᠯᠡᠴᠢᠯᠡᠭᠡ ᠶᠢ ᠨᠡᠮᠡᠵᠦ᠂ ᠬᠦᠯᠢᠶᠡᠵᠦ | ᠰᠠᠭᠤᠨ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠵᠤ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠭᠡᠷ ᠲᠤᠨᠢ | ᠬᠦᠷᠴᠦ ᠪᠠᠶᠢᠴᠠᠭᠠᠬᠤ︾ ᠦᠢᠯᠡᠴᠢᠯᠡᠭᠡᠨ ᠤ ᠰᠢᠨ᠎ᠡ ᠵᠠᠭᠪᠤᠷ ᠪᠣᠯᠭᠠᠨ ᠬᠤᠪᠢᠷᠠᠭᠤᠯᠪᠠ᠃ ᠪᠥᠬᠦ ᠬᠤᠰᠢᠭᠤᠨ ᠤ ᠠᠵᠤ | ᠠᠬᠤᠶᠢᠯᠠᠯ ᠤᠨ ᠰᠢᠯᠭᠠᠨ ᠪᠠᠶᠢᠴᠠᠭᠠᠬᠤ ᠪᠠᠷ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠰᠠᠭᠤᠷᠢ ᠲᠤᠭ᠎ᠠ ᠶᠢ | ᠲᠣᠳᠣᠷᠬᠠᠢ ᠣᠶᠢᠯᠠᠭᠠᠭᠰᠠᠨ ᠪᠠᠶᠢᠳᠠᠯ ᠳᠣᠣᠷ᠎ᠠ᠂ ᠡᠬᠡ ᠲᠠᠩᠰᠠ ᠪᠠᠶᠢᠭᠤᠯᠵᠤ᠂ ᠰᠢᠯᠭᠠᠨ ᠲᠣᠭᠲᠠᠭᠠᠯᠭᠠᠬᠤ ᠪᠠᠷ | ᠭᠤᠶᠤᠴᠢᠯᠠᠬᠤ ᠴᠤᠪᠤᠷᠠᠯ ᠵᠢᠷᠤᠭ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠲᠤᠰᠬᠠᠢ ᠬᠥᠮᠥᠨ ᠲᠣᠬᠢᠷᠠᠭᠤᠯᠤᠨ | ᠰᠢᠰᠲ᠋ᠧᠮ ᠤᠨ ᠲᠠᠭᠯᠠᠨ ᠮᠡᠳᠡᠭᠦᠯᠬᠦ ᠦᠢᠯᠡᠴᠢᠯᠡᠭᠡ ᠶᠢ ᠭᠤᠶᠤᠴᠢᠯᠠᠵᠤ᠂ ᠰᠢᠯᠭᠠᠨ ᠲᠣᠭᠲᠠᠭᠠᠭᠴᠢ ᠶᠢ ᠭᠡᠷ ᠲᠤᠨᠢ | ᠬᠦᠷᠴᠦ ᠰᠢᠯᠭᠠᠨ ᠲᠣᠭᠲᠠᠭᠠᠯᠭᠠᠬᠤ ᠦᠢᠯᠡᠴᠢᠯᠡᠭᠡ ᠶᠢ ᠭᠠᠷᠲᠠᠨ ᠲᠤᠬᠢᠷᠠᠭᠤᠯᠪᠠ︔ ᠲᠤᠰᠬᠠᠢ ᠠᠵᠢᠯᠲᠠᠨ ᠢ | ᠲᠣᠬᠢᠷᠠᠭᠤᠯᠤᠨ ᠳᠡᠭᠡᠷ᠎ᠡ ᠨᠢᠭᠡ ᠵᠢᠯ ᠤᠨ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠠᠵᠤ ᠠᠬᠤᠶᠢᠯᠠᠯ ᠯᠤᠭ᠎ᠠ | ᠤᠳᠠᠰᠤ ᠪᠠᠷ ᠤᠷᠢᠳᠴᠢᠯᠠᠨ ᠨᠡᠪᠲᠡᠷᠡᠯᠴᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ | ᠰᠢᠯᠭᠠᠨ ᠲᠣᠭᠲᠠᠭᠠᠬᠤ ᠴᠠᠭ ᠢ ᠵᠦᠢ ᠵᠣᠬᠢᠰᠲᠠᠢ ᠲᠣᠬᠢᠷᠠᠭᠤᠯᠵᠤ᠂ ᠠᠵᠤ ᠠᠬᠤᠶᠢᠯᠠᠯ ᠳᠤ ᠬᠤᠭᠤᠴᠠᠭ᠎ᠠ ᠠᠴᠠ | ᠭᠡᠳᠤᠷᠡᠭᠡᠳ ᠰᠢᠯᠭᠠᠨ ᠲᠣᠭᠲᠠᠭᠠᠬᠤ᠂ ᠪᠠᠶᠢᠴᠠᠭᠠᠯᠲᠠ ᠠᠴᠠ ᠭᠤᠭᠤᠵᠢᠭᠳᠠᠬᠤ ᠪᠠ ᠮᠡᠳᠡᠭᠡ ᠵᠠᠩᠭᠢ ᠶᠢ ᠲᠠᠭᠯᠠᠨ | ᠪᠢᠴᠢᠬᠦ ᠵᠢᠷᠤᠮᠵᠢᠯ ᠦᠭᠡᠢ ᠠᠰᠠᠭᠤᠳᠠᠯ ᠭᠠᠷᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠭᠡᠷ ᠲᠤᠨᠢ ᠬᠦᠷᠴᠦ | ᠯᠠᠪᠯᠠᠨ ᠠᠰᠠᠭᠤᠬᠤ ᠴᠠᠭ᠂ ᠰᠢᠰᠲ᠋ᠧᠮ ᠤᠨ ᠭᠤᠶᠤᠴᠢᠯᠠᠬᠤ ᠴᠠᠭ ᠪᠠ ᠮᠥᠷᠯᠡᠬᠦ ᠴᠠᠭ ᠵᠡᠷᠭᠡ ᠶᠢ ᠪᠠᠭᠠᠰᠬᠠᠪᠠ᠃ | ᠦᠢᠯᠡᠴᠢᠯᠡᠭᠡᠨ ᠤ ᠵᠠᠭᠪᠤᠷ ᠢ ᠬᠤᠪᠢᠷᠠᠭᠤᠯᠬᠤ ᠪᠠᠷ ᠳᠡᠮᠵᠢᠨ᠂ ᠰᠢᠯᠭᠠᠨ ᠲᠣᠭᠲᠠᠭᠠᠬᠤ ᠴᠠᠭ ᠤᠨ ᠬᠢᠵᠠᠭᠠᠷ ᠢ 20 | ᠡᠳᠦᠷ ᠪᠠᠶᠢᠭᠰᠠᠨ ᠠᠴᠠ ᠲᠣᠰ ᠡᠳᠦᠷ ᠲᠤ ᠪᠠᠶᠢᠴᠠᠭᠠᠬᠤ ᠪᠣᠯᠭᠠᠨ ᠪᠠᠭᠠᠰᠬᠠᠪᠠ᠃ ᠣᠲᠣ ᠪᠣᠯᠲᠠᠯ᠎ᠠ᠂ ᠨᠡᠶᠢᠲᠡ | 2052 ᠬᠡᠮᠵᠢᠯᠲᠡ ᠶᠢᠨ ᠪᠠᠭᠠᠵᠢ ᠬᠡᠷᠡᠭᠰᠡᠯ ᠢ ᠰᠦᠢᠳᠬᠡᠯ ᠬᠤᠷᠢᠶᠠᠬᠤ ᠦᠭᠡᠢ ᠪᠠᠷ ᠭᠡᠷ ᠲᠤᠨᠢ ᠬᠦᠷᠴᠦ ᠰᠢᠯᠭᠠᠨ | ᠲᠣᠭᠲᠠᠭᠠᠬᠤ ᠠᠵᠢᠯ ᠥᠷᠨᠢᠭᠦᠯᠪᠡ᠃ |