| ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠠᠷᠢᠶ᠎ᠠ | ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠵᠢᠯᠤᠭᠤᠳᠴᠤ᠂ ᠨᠢᠭᠡᠴᠡ ᠶᠢᠨ ᠭᠠᠯ | ᠣᠨᠲᠠᠷᠠᠭᠠᠬᠤ ᠠᠮᠤᠷ ᠲᠥᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠠᠷᠢᠶ᠎ᠠ ᠣᠷᠣᠨ ᠤ ᠭᠠᠯ ᠤᠨᠲᠠᠷᠠᠭᠠᠬᠤ ᠠᠵᠢᠯ ᠤᠨ ᠬᠠᠨᠳᠤᠰᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ | ᠪᠠᠲᠣᠯᠠᠬᠤ ᠶᠢᠨ ᠲᠦᠯᠦᠭᠡ᠂ 1 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠪᠥᠬᠦ ᠬᠤᠰᠢᠭᠤᠨ ᠤ ᠭᠤᠣᠯᠳᠠᠯᠭ᠎ᠠ ᠲᠠᠢ ᠨᠢᠭᠡᠴᠡ ᠶᠢᠨ ᠭᠠᠯ ᠣᠨᠲᠠᠷᠠᠭᠠᠬᠤ ᠠᠮᠤᠷ | ᠲᠥᠪᠰᠢᠨ ᠤ ᠬᠠᠷᠢᠭᠤᠴᠠᠯᠭᠠᠲᠠᠨ ᠬᠠᠮᠢᠶᠠᠷᠤᠭᠴᠢ ᠲᠠᠢ ᠪᠣᠯᠵᠣᠨ ᠶᠠᠷᠢᠯᠴᠠᠬᠤ ᠵᠢᠴᠢ ᠭᠠᠯ ᠤᠨᠲᠠᠷᠠᠭᠠᠬᠤ | ᠠᠶᠣᠯᠭᠦᠢ ᠶᠢᠨ ᠪᠣᠯᠪᠠᠰᠤᠷᠠᠭᠤᠯᠤᠯ ᠤᠨ ᠬᠤᠷᠠᠯ ᠬᠢᠪᠡ᠃ | ᠬᠤᠷᠠᠯ ᠳᠡᠭᠡᠷ᠎ᠡ᠂ ᠳᠡᠳ᠋ ᠳᠠᠷᠤᠭ᠎ᠠ ᠵᠠᠩ ᠢᠤ ᠯᠢ ᠪᠦᠭᠦ ᠬᠤᠰᠢᠭᠤᠨ ᠤ ᠣᠳᠣᠬᠠᠨ ᠤ ᠭᠠᠯ ᠤᠨᠲᠠᠷᠠᠭᠠᠬᠤ | ᠠᠮᠤᠷ ᠲᠦᠪᠰᠢᠨ ᠤ ᠪᠠᠶᠢᠳᠠᠯ ᠢ ᠰᠤᠳᠤᠯᠤᠨ ᠮᠠᠭᠠᠳᠯᠠᠵᠤ᠂ ᠡᠯ᠎ᠡ ᠪᠠᠶᠢᠭᠤᠯᠤᠯᠭ᠎ᠠ ᠶᠢᠨ ᠡᠳᠦᠷ ᠲᠤᠲᠤᠮ ᠤᠨ ᠭᠠᠯ | ᠣᠨᠲᠠᠷᠠᠭᠠᠬᠤ ᠠᠮᠤᠷ ᠲᠥᠪᠰᠢᠨ ᠤ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠳᠣᠲᠠᠭᠳᠠᠯ ᠪᠠ | ᠠᠰᠠᠭᠤᠳᠠᠯ ᠢ ᠭᠦᠨᠵᠡᠭᠡᠢ ᠵᠠᠳᠠᠯᠤᠨ ᠰᠢᠨᠵᠢᠯᠡᠵᠦ᠂ ᠡᠭᠦᠨ ᠤ ᠵᠡᠷᠭᠡ ᠳᠤ ᠳᠥᠭᠦᠮ ᠣᠶᠢᠯᠠᠭᠠᠮᠵᠢᠲᠠᠢ ᠠᠷᠭ᠎ᠠ ᠪᠠᠷ ᠡᠯ᠎ᠡ | ᠭᠠᠯ ᠣᠨᠲᠠᠷᠠᠭᠠᠬᠤ ᠠᠮᠤᠷ ᠲᠥᠪᠰᠢᠨ ᠤ ᠬᠠᠷᠢᠭᠤᠴᠠᠯᠭᠠᠲᠠᠨ᠂ ᠬᠠᠮᠢᠶᠠᠷᠤᠭᠴᠢ ᠳᠤ ᠪᠣᠯᠪᠠᠰᠤᠷᠠᠯ ᠬᠦᠷᠲᠡᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠤᠣᠯᠳᠠᠯᠭ᠎ᠠ ᠲᠠᠢ ᠨᠢᠭᠡᠴᠡ ᠶᠢᠨ ᠭᠠᠯ | ᠣᠨᠲᠠᠷᠠᠭᠠᠬᠤ ᠠᠮᠤᠷ ᠲᠥᠪᠰᠢᠨ ᠤ ᠬᠠᠷᠢᠭᠤᠴᠠᠯᠭᠠᠲᠠᠨ᠂ ᠬᠠᠮᠢᠶᠠᠷᠤᠭᠴᠢ ᠨᠠᠷ ᠭᠠᠯ ᠣᠨᠲᠠᠷᠠᠭᠠᠬᠤ ᠠᠮᠤᠷ | ᠲᠥᠪᠰᠢᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠠᠯ ᠣᠨᠲᠠᠷᠠᠭᠠᠬᠤ ᠠᠮᠤᠷ ᠲᠥᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠵᠠᠳᠠᠯᠵᠤ᠂ ᠭᠠᠯ ᠣᠨᠲᠠᠷᠠᠭᠠᠬᠤ ᠠᠮᠤᠷ ᠲᠥᠪᠰᠢᠨ ᠤ | ᠠᠮᠠᠯᠠᠯᠲᠠ ᠪᠠᠨ ᠦᠨᠡᠨᠬᠦ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠨᠢᠭᠡᠴᠡ ᠬᠢᠨ ︽ᠠᠮᠣᠷ ᠲᠥᠪᠰᠢᠨ ᠢ ᠮᠡᠳᠡᠬᠦ᠂ | ᠬᠠᠮᠢᠶᠠᠷᠴᠤ ᠴᠢᠳᠠᠬᠤ᠂ ᠪᠠᠶᠢᠴᠠᠭᠠᠵᠤ ᠴᠢᠳᠠᠬᠤ︾ ᠨᠢᠭᠡ ᠪᠦᠯᠦᠭ ᠭᠠᠯ ᠣᠨᠲᠠᠷᠠᠭᠠᠬᠤ ᠠᠮᠤᠷ ᠲᠥᠪᠰᠢᠨ ᠤ ᠮᠡᠷᠭᠡᠨ | ᠬᠥᠮᠥᠰ ᠢ ᠬᠥᠮᠥᠵᠢᠭᠦᠯᠵᠦ᠂ ᠭᠠᠯ ᠣᠨᠲᠠᠷᠠᠭᠠᠬᠤ ᠠᠮᠤᠷ ᠲᠥᠪᠰᠢᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠭᠠᠯ ᠣᠨᠲᠠᠷᠠᠭᠠᠬᠤ ᠠᠮᠤᠷ ᠲᠥᠪᠰᠢᠨ ᠤ ᠭᠤᠣᠯᠳᠠᠯᠭ᠎ᠠ ᠲᠠᠢ ᠨᠢᠭᠡᠴᠡ ᠶᠢᠨ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰ ᠨᠢᠭᠡᠴᠡ ᠶᠢᠨ ᠢᠶᠠᠨ ᠭᠠᠯ | ᠣᠨᠲᠠᠷᠠᠭᠠᠬᠤ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ | ᠭᠤᠷᠪᠠ ᠳᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠦᠷᠨᠢᠭᠦᠯᠬᠦ | ᠬᠡᠷᠡᠭᠲᠡᠢ᠃ ᠠᠶᠣᠯ ᠠᠴᠠ ᠵᠠᠶᠢᠯᠠᠬᠤ ᠨᠡᠪᠲᠡᠷᠡᠬᠦ ᠵᠠᠮ ᠢ ᠪᠦᠭᠯᠡᠵᠦ ᠪᠠᠶᠢᠬᠤ ᠠᠰᠠᠭᠤᠳᠠᠯ ᠢ ᠡᠷᠡᠰ ᠵᠠᠰᠠᠵᠤ᠂ | ᠬᠤᠯᠪᠣᠭᠳᠠᠯ ᠪᠦᠬᠦᠢ ᠣᠷᠣᠨ ᠪᠦᠰᠡ ᠳᠤ ᠢᠯᠡ ᠲᠣᠳᠣ ᠲᠡᠮᠳᠡᠭ ᠲᠠᠯᠪᠢᠵᠤ᠂ ᠲᠠᠷᠬᠠᠭᠠᠬᠤ ᠵᠠᠮ ᠢ ᠨᠥᠯᠥᠭᠡᠯᠡᠬᠦ | ᠰᠠᠭᠠᠳ ᠪᠣᠳᠠᠰ ᠢ ᠲᠥᠪᠯᠡᠷᠡᠭᠦᠯᠦᠨ ᠨᠤᠷᠠᠭᠠᠵᠤ᠂ ᠴᠡᠪᠡᠷᠯᠡᠵᠦ᠂ ᠲᠤᠰᠬᠠᠢ ᠬᠥᠮᠥᠨ ᠲᠣᠬᠢᠷᠠᠭᠤᠯᠵᠤ ᠲᠣᠭᠲᠠᠭᠰᠠᠨ | ᠴᠠᠭ ᠲᠣᠭᠲᠠᠭᠰᠠᠨ ᠭᠠᠵᠠᠷ ᠲᠤ ᠲᠣᠭᠤᠷᠢᠨ ᠪᠠᠶᠢᠴᠠᠭᠠᠬᠤ ᠬᠡᠷᠡᠭᠲᠡᠢ᠃ ᠳᠥᠷᠪᠡ ᠳᠤ ᠵᠢᠵᠢᠭᠦᠷᠯᠡᠨ ᠰᠠᠬᠢᠬᠤ ᠪᠠ ᠡᠳᠦᠷ | ᠳᠤᠳᠤᠮ ᠤᠨ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠡ ᠬᠢᠨ ᠭᠠᠯ ᠣᠨᠲᠠᠷᠠᠭᠠᠬᠤ ᠠᠮᠤᠷ | ᠲᠥᠪᠰᠢᠨ ᠤ ᠬᠠᠷᠢᠭᠤᠴᠠᠯᠭ᠎ᠠ ᠡᠭᠦᠷᠭᠡᠯᠡᠭᠴᠢ᠂ ᠬᠠᠮᠢᠶᠠᠷᠤᠭᠴᠢ ᠶᠢᠨ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠦᠵᠡᠨ ᠪᠠᠶᠢᠴᠠᠭᠠᠵᠤ ᠴᠠᠭᠳᠠᠨ ᠪᠠᠶᠢᠴᠠᠭᠠᠬᠤ᠂ ᠣᠨᠴᠠᠭᠠᠶᠢᠯᠠᠨ ᠰᠥᠨᠢ ᠪᠠᠷ ᠡᠵᠡᠩᠨᠡᠬᠦ | ᠬᠤᠭᠤᠴᠠᠭᠠᠨ ᠳᠤ ᠪᠠ ᠡᠵᠡᠩᠨᠡᠯᠲᠡ ᠳᠠᠭᠤᠰᠤᠭᠰᠠᠨ ᠤ ᠲᠠᠷᠠᠭ᠎ᠠ ᠴᠠᠭᠳᠠᠨ ᠪᠠᠶᠢᠴᠠᠭᠠᠨ ᠦᠵᠡᠨ ᠪᠠᠶᠢᠴᠠᠭᠠᠬᠤ | ᠡᠷᠴᠢᠮ ᠢᠶᠠᠨ ᠴᠢᠩᠭᠠᠳᠬᠠᠵᠤ᠂ ᠭᠠᠯ ᠭᠠᠮᠰᠢᠭ ᠤᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ | ᠲᠠᠪᠤ ᠳᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠢ | ᠴᠢᠩᠭᠠᠷᠠᠭᠤᠯᠬᠤ ᠬᠡᠷᠡᠭᠲᠡᠢ᠃ ᠡᠯ᠎ᠡ ᠨᠢᠭᠡᠴᠡ ᠬᠢᠨ ᠪᠥᠬᠦ ᠠᠵᠢᠯᠲᠠᠨ ᠤ ᠭᠠᠯ ᠤᠨᠲᠠᠷᠠᠭᠠᠬᠤ ᠤᠬᠠᠭᠤᠯᠭ᠎ᠠ | ᠪᠣᠯᠪᠠᠰᠤᠷᠠᠭᠤᠯᠤᠯ ᠪᠣᠯᠣᠨ ᠭᠠᠯ ᠤᠨᠲᠠᠷᠠᠭᠠᠬᠤ ᠪᠠ ᠲᠠᠷᠬᠠᠭᠠᠨ ᠵᠠᠶᠢᠯᠠᠭᠤᠯᠬᠤ ᠰᠣᠷᠢᠯᠲᠠ ᠶᠢ ᠳᠠᠷᠤᠶᠢᠬᠠᠨ | ᠥᠷᠨᠢᠭᠦᠯᠵᠦ᠂ ᠪᠥᠬᠦ ᠠᠵᠢᠯᠲᠠᠳ ᠢ ᠭᠠᠯ ᠭᠠᠷᠬᠤ ᠠᠩᠬᠠᠨ ᠤ ᠦᠶ᠎ᠡ ᠶᠢᠨ ︽ᠭᠠᠯ ᠤᠨᠲᠠᠷᠠᠭᠠᠭᠴᠢ︾᠂ ᠲᠠᠷᠬᠠᠭᠠᠨ | ᠵᠠᠶᠢᠯᠠᠭᠤᠯᠬᠤ ︽ᠳᠠᠭᠠᠭᠤᠯᠤᠭᠴᠢ︾᠂ ᠭᠠᠯ ᠤᠨᠲᠠᠷᠠᠭᠠᠬᠤ ᠮᠡᠳᠡᠯᠭᠡ ᠶᠢᠨ ︽ᠤᠬᠠᠭᠤᠯᠤᠭᠴᠢ︾ ᠪᠣᠯᠭᠠᠨ | ᠬᠥᠮᠥᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | |