| 1 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠦᠯᠬᠦᠮ | ᠳᠠᠭᠠᠭᠤᠯᠤᠨ ᠭᠠᠨᠰᠤ ᠮᠤᠵᠢ ᠶᠢᠨ ᠯᠠᠨᠵᠧᠦ ᠬᠤᠲᠠ ᠳᠤ ᠬᠦᠷᠴᠦ ᠳᠤᠮᠳᠠᠳᠤ ᠤᠯᠤᠰ ᠤᠨ ᠴᠠᠬᠢᠯᠭᠠᠨ ᠬᠦᠴᠦᠨ ᠤ | ᠪᠦᠲᠦᠭᠡᠨ ᠪᠠᠶᠢᠭᠤᠯᠤᠯᠲᠠ ᠪᠡᠯᠡ ᠣᠷᠣᠭᠤᠯᠤᠯᠲᠠ ᠶᠢᠨ ᠺᠣᠮᠫᠠᠨᠢ ᠶᠢ ᠲᠣᠭᠤᠷᠢᠨ ᠦᠵᠡᠭᠰᠡᠨ ᠪᠥᠭᠡᠳ ᠴᠠᠬᠢᠯᠭᠠᠨ | ᠬᠦᠴᠦᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠺᠠᠩ ᠵᠢᠶᠠᠨ ᠮᠢᠨ᠂ | ᠬᠤᠲᠠ ᠶᠢᠨ ᠶᠠᠪᠤᠳᠠᠯ ᠤᠨ ᠪᠦᠯᠦᠭᠯᠡᠯ ᠤᠨ ᠲᠦᠷᠦᠭᠦᠸ ᠲᠤᠰᠬᠠᠢ ᠮᠡᠷᠭᠡᠵᠢᠯᠲᠡᠨ ᠦ᠋ ᠵᠢᠶᠠᠨ ᠸᠧᠢ ᠲᠠᠢ ᠲᠥᠷᠥᠯ | ᠵᠦᠢᠯ ᠢ ᠠᠬᠢᠭᠤᠯᠬᠤ ᠬᠤᠷᠠᠯ ᠬᠢᠪᠡ᠃ ᠬᠤᠷᠠᠯ ᠠᠴᠠ ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠤᠨ | ᠭᠠᠷᠳᠠᠮ ᠭᠦᠢᠴᠡᠳᠬᠡᠬᠦ᠂ ᠠᠵᠢᠯ ᠡᠬᠢᠯᠡᠭᠦᠯᠬᠦ ᠴᠠᠭ ᠤᠨ ᠬᠢᠵᠠᠭᠠᠷ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠵᠢᠴᠢ | ᠬᠠᠮᠲᠤ ᠶᠢᠨ ᠲᠠᠨᠢᠯᠲᠠ ᠲᠠᠢ ᠪᠣᠯᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ | ᠣᠶᠢᠷ᠎ᠠ ᠳᠤ ᠵᠠᠷᠤᠳ ᠬᠤᠰᠢᠭᠤᠨ ᠳᠤ ᠬᠦᠷᠴᠦ ᠲᠥᠷᠥᠯ ᠵᠦᠢᠯ ᠤᠨ ᠺᠣᠮᠫᠠᠨᠢ ᠳᠠᠩᠰᠠᠯᠠᠭᠤᠯᠬᠤ ᠶᠢᠨ ᠬᠠᠮᠲᠤ ᠡᠯ᠎ᠡ | ᠵᠦᠢᠯ ᠤᠨ ᠠᠵᠢᠯ ᠤᠨ ᠠᠬᠢᠴᠠ ᠶᠢᠨ ᠬᠤᠷᠳᠤᠴᠠ ᠪᠠᠨ ᠲᠦᠷᠭᠡᠳᠬᠡᠵᠦ᠂ ᠲᠥᠷᠥᠯ ᠵᠦᠢᠯ ᠢ ᠲᠣᠭᠲᠠᠭᠰᠠᠨ | ᠬᠤᠭᠤᠴᠠᠭᠠᠨ ᠳᠠᠭᠠᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ ᠭᠡᠪᠡ᠃ ᠳᠡᠳ᠋ | ᠬᠤᠰᠢᠭᠤᠨ ᠳᠠᠷᠤᠭ᠎ᠠ ᠢᠦᠢ ᠬᠠᠢ ᠪᠦᠦ᠂ ᠼᠦᠢ ᠯᠧᠢ ᠯᠧᠢ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ | ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠵᠢᠴᠢ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ | ᠪᠠᠶᠢᠴᠠᠭᠠᠵᠤ ᠰᠠᠭᠤᠳᠠᠯ ᠤᠨ ᠬᠤᠷᠠᠯ ᠬᠢᠪᠡ᠃ | | | |