| 1 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠪᠦᠯᠬᠦᠮ | ᠳᠠᠭᠠᠭᠤᠯᠤᠨ ᠭᠠᠨᠰᠤ ᠮᠤᠵᠢ ᠶᠢᠨ ᠯᠦᠩᠰᠢ ᠰᠢᠶᠠᠨ ᠳᠤ ᠬᠦᠷᠴᠦ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠂ ᠱᠧᠦ ᠶᠠᠩ ᠤᠨ ᠬᠢᠲᠠᠳ ᠡᠮ ᠤᠨ ᠮᠠᠲ᠋ᠧᠷᠢᠶᠠᠯ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠯᠦᠩᠰᠢ ᠶᠢᠨ ᠡᠪᠡᠰᠦᠨ ᠡᠮ ᠲᠠᠯᠠᠪᠠᠢ᠂ ᠣᠶᠣᠨᠲᠤ ᠬᠢᠲᠠᠳ ᠡᠮ ᠤᠨ ᠲᠢᠩᠭᠢᠮ᠂ | ᠯᠦᠩᠰᠢ ᠶᠢᠨ ᠬᠦᠮᠦᠷᠭᠡᠯᠡᠬᠦ ᠪᠠᠷᠠᠭᠠᠨ ᠤ ᠭᠦᠢᠯᠭᠡᠭᠡ ᠶᠢᠨ ᠲᠥᠪ᠂ ᠢ ᠹᠠᠩ ᠡᠮ ᠨᠠᠶᠢᠷᠠᠭᠤᠯᠬᠤ᠂ ᠲᠣᠭᠤᠴᠢᠯᠠᠭᠰᠠᠨ | ᠡᠪᠡᠰᠦᠨ ᠡᠮ ᠢ ᠰᠢᠯᠭᠠᠨ ᠪᠠᠶᠢᠴᠠᠭᠠᠬᠤ ᠲᠥᠪ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠬᠦ ᠪᠠ ᠲᠠᠨᠢᠯᠴᠠᠭᠤᠯᠬᠤ ᠶᠢ ᠰᠣᠨᠣᠰᠬᠤ ᠪᠠᠷ ᠳᠡᠮᠵᠢᠨ᠂ ᠬᠢᠲᠠᠳ ᠡᠮ ᠤᠨ ᠮᠠᠲ᠋ᠧᠷᠢᠶᠠᠯ ᠢ | ᠨᠠᠷᠢᠯᠢᠭ ᠪᠣᠯᠪᠠᠰᠤᠷᠠᠭᠤᠯᠬᠤ᠂ ᠭᠠᠷᠤᠯᠲᠠ ᠶᠢᠨ ᠣᠷᠣᠨ ᠳᠤ ᠠᠷᠠᠯᠵᠢᠶᠠᠯᠠᠬᠤ᠂ ᠦᠷ᠎ᠡ ᠴᠢᠬᠢ ᠪᠣᠶᠢᠵᠢᠭᠤᠯᠬᠤ᠂ | ᠬᠢᠲᠠᠳ ᠡᠪᠡᠰᠦᠨ ᠡᠮ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠵᠡᠷᠭᠡ | ᠬᠢᠲᠠᠳ ᠡᠪᠡᠰᠦᠨ ᠡᠮ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠨᠠᠷᠢᠨ | ᠣᠶᠢᠯᠠᠭᠠᠪᠠ᠃ ᠬᠤᠶᠠᠷ ᠲᠠᠯ᠎ᠠ ᠪᠠᠷ ᠢᠶᠠᠨ ᠭᠦᠨᠵᠡᠭᠡᠢ ᠨᠡᠪᠲᠡᠷᠡᠯᠴᠡᠭᠡ ᠰᠣᠯᠢᠯᠴᠠᠭ᠎ᠠ ᠬᠢᠬᠦ ᠪᠠᠨ ᠴᠢᠩᠭᠠᠳᠬᠠᠬᠤ ᠶᠢᠨ | ᠬᠠᠮᠲᠤ ᠠᠵᠤ ᠦᠢᠯᠡᠰ ᠤᠨ ᠬᠥᠭᠵᠢᠯᠲᠡ᠂ ᠮᠡᠷᠭᠡᠵᠢᠯ ᠤᠨ ᠪᠣᠯᠪᠠᠰᠤᠷᠠᠭᠤᠯᠤᠯ᠂ ᠨᠠᠷᠢᠯᠢᠭ ᠪᠣᠯᠪᠠᠰᠤᠷᠠᠭᠤᠯᠤᠯᠲᠠ | ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠪᠡ᠃ ᠳᠡᠳ᠋ ᠬᠤᠰᠢᠭᠤᠨ ᠳᠠᠷᠤᠭ᠎ᠠ | ᠢᠦᠢ ᠬᠠᠢ ᠪᠦᠦ᠂ ᠼᠦᠢ ᠯᠧᠢ ᠯᠧᠢ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ᠂ ᠣᠢ ᠰᠢᠭᠤᠢ ᠨᠣᠲᠤᠭ | ᠪᠡᠯᠴᠢᠭᠡᠷ ᠤᠨ ᠲᠣᠪᠴᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠬᠠᠮᠢᠶ᠎ᠠ ᠪᠦᠬᠦᠢ ᠬᠥᠮᠥᠰ | ᠪᠠᠷ᠎ᠠ ᠪᠣᠯᠪᠠ᠃ |