ᠯᠦᠪᠧᠢ ᠪᠠᠯᠭᠠᠰᠤ ︽ᠳᠥᠷᠪᠡᠨ ᠬᠥᠮᠦᠵᠢᠯ ᠢ ᠠᠭᠤᠰᠤᠯᠴᠠᠭᠤᠯᠬᠤ︾ ᠶᠢ ᠯᠠᠪᠳᠠᠭᠤᠨ ᠪᠠᠲᠤᠲᠠᠢ ᠠᠬᠢᠭᠤᠯᠵᠤ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/1/3
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠭᠦᠯᠵᠦ᠂ ︽ᠨᠠᠮ ᠤᠨ ᠠᠴᠢ ᠶᠢ ᠳᠣᠷᠠᠰᠴᠤ᠂ ᠨᠠᠮ ᠤᠨ ᠦᠭᠡ  ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ  ᠶᠢ ᠭᠦᠨᠵᠡᠭᠡᠶᠢᠷᠡᠭᠦᠯᠦᠨ ᠪᠣᠲᠠᠲᠠᠶᠢᠵᠢᠭᠤᠯᠬᠤ ᠶᠢᠨ ᠲᠦᠯᠦᠭᠡ᠂ ᠣᠶᠢᠷ᠎ᠠ ᠶᠢᠨ ᠡᠳᠦᠷ ᠤᠳ ᠲᠤ᠂ ᠯᠦᠪᠸᠢ ᠪᠠᠯᠭᠠᠰᠤᠨ ᠤ ᠨᠠᠮ ᠤᠨ ᠬᠤᠷᠢᠶ᠎ᠠ ᠬᠢᠨ ᠪᠠᠯᠭᠠᠰᠤ ᠲᠣᠰᠬᠤᠨ ᠬᠤᠶᠠᠷ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠩᠭᠢ ᠶᠢ ᠢᠳᠡᠪᠬᠢᠲᠡᠢ ᠳᠠᠶᠢᠴᠢᠯᠠᠵᠤ᠂ ︽ᠳᠥᠷᠪᠡᠨ ᠬᠥᠮᠦᠵᠢᠯ ᠢ ᠠᠭᠤᠰᠤᠯᠴᠠᠭᠤᠯᠬᠤ︾ ᠠᠷᠭ᠎ᠠ ᠶᠢ ᠬᠡᠷᠡᠭᠯᠡᠨ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠢ ᠶᠠᠷᠢᠵᠤ᠂ ᠰᠢ ᠶᠢᠨ ᠫᠢᠩ ᠶᠡᠷᠦᠩᠬᠡᠢ ᠱᠦᠵᠢ ᠪᠠ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠠᠷᠠᠳ ᠲᠦᠮᠡᠨ ᠢ ᠬᠠᠯᠠᠮᠵᠢᠯᠠᠨ ᠳᠡᠮᠵᠢᠵᠦ ᠪᠠᠶᠢᠬᠤ ᠶᠢ ᠰᠠᠶᠢᠲᠤᠷ ᠶᠠᠷᠢᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠶᠢ ᠳᠣᠷᠠᠰᠴᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠵᠤ ᠪᠠᠶᠢᠨ᠎ᠠ᠃
1440164687c45a3b114c03e2d7315d3.jpg
 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号