1 ᠰᠠᠷ᠎ᠠ ᠶᠢᠨ 2 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ ᠯᠦᠪᠸᠢ ᠶᠢᠨ ᠵᠢᠩ ᠵᠢᠤᠸᠠᠢ ᠰᠧ ᠰᠦᠮ᠎ᠡ᠂ | ᠯᠠᠯᠤ ᠶᠢᠨ ᠰᠦᠮ᠎ᠡ ᠳᠤ ᠬᠦᠷᠴᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠤᠬᠠᠢ | ᠲᠤᠰᠬᠠᠢ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃ | | | | | ᠬᠦᠷᠦᠭᠰᠡᠨ ᠭᠠᠵᠠᠷ ᠪᠣᠯᠭᠠᠨ ᠳᠤ ᠵᠠᠩ ᠳ᠋ᠠ ᠫᠧᠩ ᠠᠴᠠ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ | ᠡᠳᠦᠷ ᠲᠤᠲᠤᠮ ᠤᠨ ᠬᠠᠮᠢᠶᠠᠷᠤᠯᠲᠠ᠂ ᠭᠠᠯ ᠰᠡᠷᠭᠡᠶᠢᠯᠡᠬᠦ ᠠᠮᠤᠷ ᠲᠦᠪᠰᠢᠨ᠂ ᠬᠠᠤᠯᠢ ᠪᠠᠷ ᠵᠠᠰᠠᠬᠤ ᠤᠬᠠᠭᠤᠯᠭ᠎ᠠ᠂ | ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠠᠵᠢᠯ ᠤᠨ | ᠳᠤᠮᠳᠠ ᠲᠣᠬᠢᠶᠠᠯᠳᠤᠭᠰᠠᠨ ᠮᠠᠳᠠᠭ ᠲᠠᠢ ᠠᠰᠠᠭᠤᠳᠠᠯ᠂ ᠲᠦᠪᠡᠭᠲᠡᠢ ᠠᠰᠠᠭᠤᠳᠠᠯ ᠢ ᠨᠠᠷᠢᠨ ᠠᠰᠠᠭᠤᠨ ᠲᠤᠬᠠᠢ ᠶᠢᠨ | ᠲᠠᠯᠠᠪᠠᠶ ᠳᠤ ᠰᠢᠢᠳᠪᠦᠷᠢᠯᠡᠬᠦ ᠶᠢᠨ ᠬᠠᠮᠲᠤ ᠣᠷᠳᠣ ᠬᠤᠭᠤᠴᠠᠭᠠᠨ ᠤ ᠲᠤᠷᠰᠢ ᠪᠥᠬᠦ ᠬᠤᠰᠢᠭᠤᠨ ᠤ ᠱᠠᠰᠢᠨ | ᠰᠤᠷᠲᠠᠬᠤᠨ ᠤ ᠡᠲᠡᠭᠡᠳ ᠤᠨ ᠳᠠᠪᠠᠭᠤᠯᠢᠭ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠪᠥᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠦᠵᠡᠭᠦᠯᠦᠭᠰᠡᠨ ᠬᠤᠪᠢ ᠨᠡᠮᠡᠷᠢ ᠶᠢ | ᠭᠦᠢᠴᠡᠳ ᠨᠤᠳᠠᠯᠠᠪᠠ᠃ ᠲᠡᠷᠡ ᠪᠦᠬᠦ ᠬᠤᠰᠢᠭᠤᠨ ᠤ ᠱᠠᠰᠢᠨ ᠰᠤᠷᠲᠠᠬᠤᠨ ᠤ ᠡᠲᠡᠭᠡᠳ ᠤᠨ ᠬᠢᠨ ᠰᠢ ᠶᠢᠨ ᠫᠢᠩ | ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ | ᠲᠤᠬᠠᠢ ᠴᠢᠬᠤᠯᠠ ᠦᠵᠡᠯ ᠰᠠᠨᠠᠭ᠎ᠠ᠂ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠯᠠᠮ | ᠴᠢᠨᠠᠭᠰᠢᠳᠠ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ | ᠤᠳᠤᠷᠢᠳᠤᠯᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ | ᠴᠢᠭᠯᠡᠯ ᠢ ᠪᠠᠷᠢᠮᠲᠠᠯᠠᠨ᠂ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠡᠶᠢᠭᠡᠮ ᠤᠨ | ᠬᠠᠷᠢᠭᠤᠴᠠᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠶᠢᠨ ᠲᠠᠯ᠎ᠠ ᠪᠠᠷ ᠮᠡᠳᠡᠷᠡᠬᠦ᠂ ᠦᠶᠯᠡ | ᠠᠵᠢᠯᠯᠠᠭ᠎ᠠ ᠶᠢᠨ ᠲᠠᠯ᠎ᠠ ᠪᠠᠷ ᠬᠦᠷᠢᠶᠡᠯᠡᠬᠦ᠂ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ ᠶᠢ ᠢᠮᠠᠭᠲᠠ ᠪᠡᠶᠡᠯᠡᠭᠦᠯᠵᠦ᠂ ᠥᠷᠭᠡᠨ ᠣᠯᠠᠨ ᠱᠠᠰᠢᠨ ᠰᠢᠲᠦᠳᠡᠭ ᠣᠯᠠᠨ ᠲᠦᠮᠡᠨ ᠢ ᠨᠠᠮ ᠪᠠ | ᠵᠠᠰᠠᠭ ᠤᠨ ᠣᠷᠳᠣᠨ ᠤ ᠲᠣᠭᠤᠷᠢᠨ ᠳᠤ ᠪᠦᠯᠬᠦᠮᠳᠡᠭᠦᠯᠦᠨ ᠨᠢᠭᠲᠠᠷᠠᠭᠤᠯᠵᠤ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠬᠡᠷᠡᠭᠳᠠᠢ ᠭᠡᠪᠡ᠃ | ᠬᠤᠰᠢᠭᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠱᠠᠰᠢᠨ ᠰᠤᠷᠲᠠᠬᠤᠨ ᠤ ᠲᠣᠪᠴᠢᠶ᠎ᠠ | ᠵᠢᠴᠢ ᠱᠠᠰᠢᠨ ᠰᠤᠷᠲᠠᠬᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ | ᠪᠣᠯᠵᠤ ᠪᠠᠶᠢᠴᠠᠭᠠᠨ ᠰᠤᠳᠤᠯᠤᠯᠲᠠ ᠬᠢᠪᠡ᠃ |