ᠵᠠᠰᠠᠭ ᠤᠨ ᠤᠷᠳᠤᠨ ᠤ ᠶᠡᠭᠡ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/1/4
    9 ᠰᠠᠷ᠎ᠠ ᠶᠢᠨ 1 ᠤ ᠡᠳᠦᠷ᠂ ᠵᠠᠷᠤᠳ ᠬᠤᠰᠢᠭᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    9 ᠰᠠᠷ᠎ᠠ ᠶᠢᠨ 1 ᠤ ᠡᠳᠦᠷ᠂ ᠵᠠᠷᠤᠳ ᠬᠤᠰᠢᠭᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠠᠵᠤ ᠠᠬᠤᠢ ᠶᠢᠨ ᠪᠠᠶᠢᠳᠠᠯ ᠢ ᠮᠡᠳᠡᠭᠳᠡᠬᠦ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠪᠠ᠃    9 ᠰᠠᠷ᠎ᠠ ᠶᠢᠨ 1 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠯᠦᠪᠸᠢ ᠵᠡᠭᠡᠯᠢ ᠭᠤᠳᠤᠮᠵᠢ ᠳᠤ ᠬᠦᠷᠴᠦ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    9 ᠰᠠᠷ᠎ᠠ ᠶᠢᠨ 2 ᠤᠨ ᠡᠳᠦᠷ᠂ ᠲᠠᠷᠢᠬᠢᠨ ᠤ ᠲᠠᠨᠢᠨ ᠮᠡᠳᠡᠬᠦᠢ ᠬᠢᠭᠡᠳ ᠮᠡᠳᠡᠷᠡᠯ ᠤᠨ ᠲᠣᠬᠢᠷᠠᠭᠤᠯᠤᠯ ᠡᠵᠡᠮᠳᠡᠯ ᠤᠨ ᠰᠢᠨ᠎ᠡ ᠶᠢ ᠡᠭᠦᠳᠬᠦ ᠰᠤᠳᠤᠯᠤᠨ ᠶᠠᠷᠢᠯᠴᠠᠬᠤ ᠬᠤᠷᠠᠯ ᠵᠠᠷᠤᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃    9 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠵᠦ ᠵᠢᠭᠠᠨ ᠵᠢᠯᠣᠭᠤᠳᠪᠠ᠃    9 ᠰᠠᠷ᠎ᠠ ᠶᠢᠨ 3 ᠤ ᠡᠳᠦᠷ ᠠᠴᠠ 9 ᠰᠠᠷ᠎ᠠ ᠶᠢᠨ 4 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠦᠯᠬᠦᠮ ᠳᠠᠭᠠᠭᠤᠯᠤᠨ ᠯᠦᠪᠸᠢ ᠪᠠᠯᠭᠠᠰᠤᠨ ᠳᠤ ᠭᠦᠨᠵᠡᠭᠡᠶᠢᠷᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠪᠠᠶᠢᠭᠤᠯᠵᠤ ᠪᠠᠶᠢᠭ᠎ᠠ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠲᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠵᠠᠩ ᠯᠢ ᠭᠦᠸᠧ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    9 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠰᠠᠭᠤᠳᠠᠯ ᠤᠨ ᠬᠤᠷᠠᠯ ᠬᠢᠪᠡ᠃    9 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ ᠵᠠᠩ ᠸᠧᠨ ᠾᠦᠢ ᠨᠠᠷ ᠵᠠᠷᠤᠳ ᠬᠤᠰᠢᠭᠤᠨ ᠳᠤ ᠢᠷᠡᠵᠦ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠤᠨ ᠲᠤᠬᠠᠶ ᠰᠢᠨᠵᠢᠯᠡᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    9 ᠰᠠᠷ᠎ᠠ ᠶᠢᠨ 8 ᠤ ᠡᠳᠦᠷ᠂ ᠵᠠᠷᠤᠳ ᠬᠤᠰᠢᠭᠤ ᠭᠤᠷᠪᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ ᠰᠣᠶᠣᠯ ᠤᠷᠠᠯᠢᠭ ᠤᠨ ᠨᠠᠶᠢᠷ ᠵᠢᠴᠢ ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ ᠤᠨ ᠪᠥᠵᠢᠭ ᠤᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    9 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ᠂ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ᠢᠳᠡᠭᠡᠨ ᠤ ᠠᠮᠤᠷ ᠲᠦᠪᠰᠢᠨ ᠢ ᠬᠢᠨᠠᠨ ᠵᠢᠯᠣᠭᠤᠳᠴᠤ ᠪᠠᠶᠢᠴᠠᠭᠠᠪᠠ᠃    9 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ᠠᠭᠤᠯᠠ ᠤᠰᠤᠨ ᠤ ᠲᠥᠷᠥᠯ ᠵᠤᠶᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠬᠤᠷᠠᠯ ᠳᠤ ᠤᠷᠤᠯᠴᠠᠪᠠ᠃    9 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ ᠪᠠᠶᠢᠭᠤᠯᠵᠤ ᠪᠠᠶᠢᠭ᠎ᠠ ᠭᠤᠤᠯᠳᠠᠯᠭ᠎ᠠ ᠲᠠᠢ ᠲᠥᠷᠥᠯ ᠵᠤᠶᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠶᠤᠯᠭᠦᠶ ᠤᠶᠢᠯᠡᠳᠪᠤᠷᠢᠯᠡᠯ ᠤᠨ ᠠᠵᠢᠯ ᠢ ᠪᠠᠶᠢᠴᠠᠭᠠᠪᠠ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    9 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 62 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠼᠦᠢ ᠯᠸᠢ ᠯᠸᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃    9 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠨᠠᠢᠮᠠᠳᠤᠭᠠᠷ ᠤᠳᠠᠭ᠎ᠠ ᠶᠢᠨ ᠬᠠᠮᠲᠤ ᠪᠠᠷ ᠰᠤᠷᠤᠯᠴᠠᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠳᠤ ᠣᠷᠣᠯᠴᠠᠪᠠ᠃    9 ᠰᠠᠷ᠎ᠠ ᠶᠢᠨ 9 ᠤ ᠡᠳᠦᠷ᠂ ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠳᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠶ᠂ ᠵᠠᠩ ᠯᠢ ᠭᠦᠸᠧ ᠬᠤᠷᠠᠯ ᠳᠤ ᠤᠷᠤᠯᠴᠠᠪᠠ᠃    9 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠪᠠᠭᠰᠢ ᠶᠢᠨ ᠪᠠᠶᠠᠷ ᠤᠨ ᠡᠳᠦᠷ ᠤᠨ ᠲᠣᠬᠤᠨᠢᠭᠤᠯᠬᠤ  ᠬᠦᠳᠡᠯᠭᠡᠭᠡᠨ ᠥᠷᠨᠢᠭᠦᠯᠪᠡ᠃    9 ᠰᠠᠷ᠎ᠠ ᠶᠢᠨ 10 ᠤ ᠡᠳᠦᠷ᠂ ᠵᠠᠷᠤᠳ ᠬᠤᠰᠢᠭᠤ 2023 ᠣᠨ ᠤ ᠳᠣᠣᠷ᠎ᠠ ᠬᠠᠭᠠᠰ ᠵᠢᠯ ᠳᠤ ᠴᠡᠷᠢᠭ ᠲᠣᠭᠲᠠᠭᠠᠬᠤ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠱᠠᠨ ᠬᠤᠸᠠ ᠴᠢ ᠬᠤᠷᠠᠯ ᠳᠤ ᠣᠷᠣᠯᠴᠠᠪᠠ᠃    9 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠴᠢᠪᠠᠭᠠᠳᠤ ᠰᠤᠮᠤ ᠶᠢᠨ ᠴᠢᠪᠠᠭᠠᠳᠤ ᠭᠠᠴᠠᠭᠠᠨ ᠤ ᠨᠤᠤᠨᠪᠤᠶᠠᠨ ᠬᠡᠷ ᠪᠦᠯᠢ ᠶᠢᠨ ᠮᠠᠯᠵᠢᠯ ᠤᠨ ᠲᠠᠯᠠᠪᠠᠶ᠂ ᠪᠠᠶᠠᠨᠬᠤᠸᠠ ᠭᠠᠴᠠᠭᠠᠨ ᠤ ᠡᠷᠳᠡᠨᠢ ᠰᠢᠰᠢ ᠡᠳ᠋ᠰᠢᠭᠦᠯᠬᠦ  ᠤᠶᠢᠯᠡᠳᠪᠤᠷᠢ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃    9 ᠰᠠᠷ᠎ᠠ ᠶᠢᠨ 12 ᠤᠨ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠵᠠᠷᠤᠳ ᠬᠤᠰᠢᠭᠤᠨ ᠳᠤ ᠭᠦᠨᠵᠡᠭᠡᠶᠢᠷᠡᠨ ᠭᠤᠤᠯ ᠮᠥᠷᠡᠨ ᠨᠠᠭᠤᠷ ᠴᠥᠭᠦᠷᠥᠮ ᠤᠨ ᠠᠬᠠᠯᠠᠭᠴᠢ ᠶᠢᠨ ᠲᠦᠷᠢᠮ ᠪᠠ ᠣᠶ ᠰᠢᠭᠤᠶ ᠶᠢᠨ ᠠᠬᠠᠯᠠᠭᠴᠢ ᠶᠢᠨ ᠲᠦᠷᠢᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠤᠭᠰᠠᠨ ᠪᠥᠭᠡᠳ ᠬᠤᠷᠴᠢᠨ ᠤ ᠡᠯᠡᠰᠦᠷᠬᠡᠭ ᠭᠠᠵᠠᠷ ᠢ ᠰᠦᠨᠤᠭᠡᠬᠦ ᠳᠠᠶᠢᠨ ᠢ ᠠᠬᠢᠭᠤᠯᠤᠭᠰᠠᠨ ᠪᠠᠶᠢᠳᠠᠯ ᠢ ᠠᠬᠤᠢ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    9 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠯᠦᠪᠸᠢ ᠠᠵᠤ ᠤᠶᠢᠯᠡᠰ ᠤᠨ ᠲᠤᠭᠤᠷᠢᠭ ᠤᠨ ᠤᠰᠤ ᠬᠠᠩᠭᠠᠬᠤ ᠲᠥᠷᠥᠯ ᠵᠤᠶᠢᠯ᠂ G5511 ᠴᠠᠪᠠ ᠶᠢᠨ ᠲᠠᠯ᠎ᠠ ᠠᠴᠠ ᠰᠤᠭᠤᠳᠤ ᠬᠦᠷᠬᠦ ᠵᠠᠮ ᠤᠨ ᠬᠡᠰᠡᠭ ᠢ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ᠂ ᠯᠦᠪᠸᠢ ᠠᠵᠤ ᠤᠶᠢᠯᠡᠰ ᠤᠨ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠵᠡᠷᠭᠡ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠲᠥᠷᠥᠯ ᠵᠤᠶᠢᠯ ᠤᠨ ᠪᠠᠷᠢᠯᠭ᠎ᠠ ᠶᠢᠨ ᠠᠬᠤᠢ ᠲᠠᠯᠠᠪᠠᠶ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃    9 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠵᠠᠷᠤᠳ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ  ᠶᠢᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠬᠤ ᠰᠠᠭᠤᠳᠠᠯ ᠤᠨ ᠬᠤᠷᠠᠯ ᠬᠢᠪᠡ ᠃   9 ᠰᠠᠷ᠎ᠠ ᠶᠢᠨ 14 ᠤ ᠡᠳᠦᠷ᠂ ᠵᠠᠷᠤᠳ ᠬᠤᠰᠢᠭᠤᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃    9 ᠰᠠᠷ᠎ᠠ ᠶᠢᠨ 14 ᠤ ᠡᠳᠦᠷ᠂ ᠵᠠᠷᠤᠳ ᠬᠤᠰᠢᠭᠤ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮ ᠤᠲᠠᠰᠤᠨ ᠤ ᠠᠵᠢᠯ ᠤᠨ ᠲᠤᠰᠬᠠᠶ ᠰᠡᠳᠦᠪᠲᠦ ᠠᠬᠢᠭᠤᠯᠬᠤ ᠬᠤᠷᠠᠯ ᠬᠢᠪᠡ ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠶᠦᠨ ᠭᠦᠸᠧ ᠱᠧᠩ ᠳᠠᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠵᠠᠷᠤᠳ ᠬᠤᠰᠢᠭᠤᠨ ᠳᠤ ᠢᠷᠡᠵᠦ ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠦᠩᠯᠢᠶᠣᠤ ᠬᠤᠲᠠ ᠶᠢᠨ ᠳᠡᠳ᠋ ᠳᠠᠷᠤᠭ᠎ᠠ ᠰᠦᠨ ᠯᠧ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    9 ᠰᠠᠷ᠎ᠠ ᠶᠢᠨ 15 ᠤ ᠡᠳᠦᠷ᠂ ᠵᠠᠷᠤᠳ ᠬᠤᠰᠢᠭᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠠᠮᠲᠤᠷᠠᠭᠰᠠᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠪᠠ᠃    9 ᠰᠠᠷ᠎ᠠ ᠶᠢᠨ 15 ᠤ ᠡᠳᠦᠷ᠂ ᠵᠠᠷᠤᠳ ᠬᠤᠰᠢᠭᠤᠨ ᠤ ᠲᠤᠯᠤᠳᠤ ᠰᠤᠮᠤ ᠪᠦᠬᠦ ᠲᠣᠰᠬᠤᠨ ᠢᠶᠠᠷ ᠨᠢ ᠬᠠᠪᠰᠤᠷᠤᠨ ᠲᠡᠳᠭᠦᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠡᠷᠡᠯ ᠴᠡᠨᠡᠭ ᠤᠨ ᠲᠦᠷᠦᠯ ᠵᠦᠢᠯ ᠢ ᠠᠵᠢᠯ ᠡᠬᠢᠯᠡᠬᠦ ᠲᠠᠶᠢᠴᠢᠯᠠᠯᠳᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠠᠵᠢᠯᠯᠠᠭ᠎ᠠ ᠳᠤ ᠤᠷᠤᠯᠴᠠᠪᠠ᠃    9 ᠰᠠᠷ᠎ᠠ ᠶᠢᠨ 18 ᠤ ᠡᠳᠦᠷ᠂ ᠵᠠᠷᠤᠳ ᠬᠤᠰᠢᠭᠤ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠲᠤᠬᠢᠷᠠᠭᠤᠯᠤᠨ ᠠᠬᠢᠭᠤᠯᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠪᠠ᠃    9 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠵᠠᠷᠤᠳ ᠬᠤᠰᠢᠭᠤᠨ ᠤ ᠠᠶᠤᠯᠭᠦᠶ ᠤᠶᠢᠯᠡᠳᠪᠤᠷᠢᠯᠡᠯ ᠵᠢᠴᠢ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠤᠷᠠᠯ ᠢ ᠡᠷᠭᠢᠯᠡᠨ ᠬᠢᠪᠡ᠃ ᠳᠡᠳ᠋ ᠳᠠᠷᠤᠭ᠎ᠠ ᠼᠦᠢ ᠯᠸᠢ ᠯᠸᠢ᠂ ᠵᠠᠩ ᠯᠢ ᠭᠦᠸᠧ ᠬᠤᠷᠠᠯ ᠳᠤ ᠤᠷᠤᠯᠴᠠᠪᠠ᠃    9 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 63 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠶᠣᠣ ᠼᠠᠢ ᠶᠠᠨ ᠬᠤᠷᠠᠯ ᠳᠤ ᠣᠷᠣᠯᠴᠠᠪᠠ᠃    9 ᠰᠠᠷ᠎ᠠ ᠶᠢᠨ 20 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠸᠠᠢ ᠵᠢᠩ ᠵᠠᠷᠤᠳ ᠬᠤᠰᠢᠭᠤᠨ ᠳᠤ ᠢᠷᠡᠵᠦ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    9 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃    9 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮ ᠤᠲᠠᠰᠤᠨ ᠤ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃   9 ᠰᠠᠷ᠎ᠠ ᠶᠢᠨ 25 ᠤ ᠡᠳᠦᠷ᠂ ᠵᠠᠷᠤᠳ ᠬᠤᠰᠢᠭᠤ 2023 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠠ᠃ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   9 ᠰᠠᠷ᠎ᠠ ᠶᠢᠨ 26 ᠤ ᠡᠳᠦᠷ᠂ ᠲᠦᠩᠯᠢᠶᠣᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠴᠢᠶᠦ᠋ᠩ ᠪᠦᠯᠬᠦᠮ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠰᠤᠯᠠ ᠪᠠᠶᠢᠭ᠎ᠠ ᠭᠠᠵᠠᠷ ᠰᠢᠷᠣᠶ ᠶᠢᠨ ᠠᠰᠢᠭᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠪᠠᠷ᠎ᠠ ᠪᠣᠯᠪᠠ᠃    9 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠪᠦᠯᠬᠦᠮ ᠳᠠᠭᠠᠭᠤᠯᠤᠨ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠬᠢᠪᠡ᠃    9 ᠰᠠᠷ᠎ᠠ ᠶᠢᠨ 26 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠠᠶᠠᠷ ᠤᠨ ᠡᠳᠦᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠪᠠ᠃    9 ᠰᠠᠷ᠎ᠠ ᠶᠢᠨ 27 ᠤ ᠡᠳᠦᠷ᠂ ᠳᠡᠳ᠋ ᠬᠤᠲᠠ ᠶᠢᠨ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ ᠢᠷᠡᠵᠦ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠠᠶᠤᠯᠭᠦᠶ ᠤᠶᠢᠯᠡᠳᠪᠤᠷᠢᠯᠡᠯ ᠤᠨ ᠠᠵᠢᠯ ᠢ ᠪᠠᠶᠢᠴᠠᠭᠠᠭᠰᠠᠨ ᠪᠥᠭᠡᠳ ᠣᠷᠴᠢᠨ ᠲᠤᠭᠤᠷᠢᠨ ᠤ ᠬᠠᠮᠠᠭᠠᠯᠠᠯᠲᠠ ᠶᠢ ᠴᠠᠭᠳᠠᠨ ᠪᠠᠶᠢᠴᠠᠭᠠᠭᠰᠠᠨ ᠬᠡᠷᠡᠭ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤᠨ ᠲᠠᠷᠤᠭ᠎ᠠ ᠮᠦ ᠲᠢᠶᠧ ᠮᠢᠨ ᠪᠠᠷ᠎ᠠ ᠪᠣᠯᠪᠠ᠃    9 ᠰᠠᠷ᠎ᠠ ᠶᠢᠨ 27 ᠤ ᠡᠳᠦᠷ᠂ ᠵᠠᠷᠤᠳ ᠬᠤᠰᠢᠭᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠤᠬᠢᠷᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠶ᠂ ᠳ᠋ᠢᠩ ᡁᠢ ᠭᠠᠩ᠂ ᠼᠦᠢ ᠯᠸᠢ ᠯᠸᠢ᠂ ᠵᠠᠩ ᠯᠢ ᠭᠦᠸᠧ ᠬᠤᠷᠠᠯ ᠳᠤ ᠤᠷᠤᠯᠴᠠᠪᠠ ᠃    9 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 64 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠳᠤ ᠣᠷᠣᠯᠴᠠᠪᠠ᠃    9 ᠰᠠᠷ᠎ᠠ ᠶᠢᠨ 28 ᠤ ᠡᠳᠦᠷ᠂ ᠵᠠᠷᠤᠳ ᠬᠤᠰᠢᠭᠤ ︽ᠨᠠᠮ ᠤᠨ ᠠᠴᠢ ᠶᠢ ᠮᠡᠳᠡᠷᠡᠵᠦ᠂ ᠬᠤᠣᠰ ᠪᠠᠶᠠᠷ ᠢ ᠪᠡᠯᠭᠡᠯᠡᠶ᠎ᠡ︾ ᠭᠡᠬᠦ ᠤᠯᠤᠰ ᠤᠨ ᠪᠠᠶᠠᠷ ᠢ ᠪᠡᠯᠭᠡᠯᠡᠬᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠡᠯᠭᠡᠯᠡᠬᠦ ᠲᠤᠰᠬᠠᠢ ᠤᠷᠠᠨ ᠰᠠᠶᠢᠬᠠᠨ ᠤ ᠦᠳᠡᠰᠢᠯᠡᠭᠡ ᠡᠷᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠤᠷᠠᠨ ᠰᠠᠶᠢᠬᠠᠨ ᠤ ᠦᠳᠡᠰᠢᠯᠡᠭᠡ ᠶᠢ ᠰᠣᠨᠢᠷᠬᠠᠪᠠ᠃    9 ᠰᠠᠷ᠎ᠠ ᠶᠢᠨ 30 ᠤ ᠡᠳᠦᠷ᠂ ᠵᠠᠷᠤᠳ ᠬᠤᠰᠢᠭᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠶᠠᠪᠤᠭᠤᠯᠪᠠ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ ᠠᠯᠪᠠᠨ ᠲᠠᠬᠢᠯᠭ᠎ᠠ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号