ᠠᠵᠤ ᠦᠢᠯᠡᠰ ᠬᠥᠭᠵᠢᠪᠡᠯ ᠬᠥᠳᠡᠭᠡ ᠲᠣᠰᠬᠤᠨ ᠬᠦᠭᠵᠢᠵᠦ᠂ ᠬᠥᠳᠡᠭᠡ ᠲᠣᠰᠬᠤᠨ ᠬᠥᠭᠵᠢᠪᠡᠯ ᠤᠯᠤᠰ ᠣᠷᠣᠨ | ᠮᠠᠨᠳᠤᠨ᠎ᠠ᠃ ᠵᠠᠷᠤᠳ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠪᠠᠨ | ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠡᠬᠢ | ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠪᠠᠷ ᠭᠠᠷᠳᠠᠴᠠ | ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠵᠠᠷ | ᠣᠷᠣᠨ ᠤ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ | ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ᠂ ᠠᠷᠠᠳ ᠪᠠᠶᠠᠨ ᠴᠢᠨᠡᠭᠡᠯᠢᠭ᠂ ᠠᠵᠤ ᠦᠢᠯᠡᠰ ᠬᠥᠭᠵᠢᠭᠰᠡᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠡᠶᠡᠯᠡᠭᠦᠯᠵᠦ ᠪᠠᠶᠢᠨ᠎ᠠ᠃ | | | | | ᠣᠶᠢᠷ᠎ᠠ ᠶᠢᠨ ᠡᠳᠦᠷ᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠯᠢ ᠮᠢᠩ ᠲᠠᠵᠢᠭᠡᠪᠤᠷᠢ ᠶᠢᠨ ᠲᠤᠰᠬᠠᠢ | ᠬᠤᠷᠰᠢᠶ᠎ᠠ ᠳᠤ ᠬᠦᠷᠬᠦ ᠳᠤ᠂ ᠬᠤᠷᠰᠢᠶ᠎ᠠ ᠶᠢᠨ ᠬᠠᠷᠢᠭᠤᠴᠠᠯᠭᠠᠲᠠᠨ ᠰᠢᠤᠸᠠᠨ ᠰᠦ ᡁᠢ ᠡᠷ᠎ᠡ ᠡᠮ᠎ᠡ ᠬᠤᠶᠠᠭᠤᠯᠠ | ᠲᠠᠬᠢᠶ᠎ᠠ ᠳᠤ ᠪᠠᠨ ᠲᠡᠵᠢᠭᠡᠯ ᠪᠤᠷᠳᠤᠭ᠎ᠠ ᠥᠭᠬᠦ᠂ ᠲᠠᠬᠢᠶᠠᠨ ᠥᠨᠳᠡᠭᠡ ᠲᠡᠭᠦᠬᠦ᠂ ᠭᠡᠷ ᠪᠠᠶᠢᠰᠢᠩ ᠴᠡᠪᠡᠷᠯᠡᠬᠦ ᠪᠠᠷ | ᠶᠠᠭᠠᠷᠠᠯᠳᠤᠵᠤ ᠪᠠᠶᠢᠯ᠎ᠠ᠃ | | | | | ︽ᠣᠳᠣᠬᠠᠨ ᠳᠤ ᠲᠤᠰ ᠬᠤᠷᠰᠢᠶ᠎ᠠ 1 ᠲᠦᠮᠡ ᠭᠠᠷᠤᠢ ᠥᠨᠳᠡᠭᠡᠯᠡᠬᠦ ᠲᠠᠬᠢᠶ᠎ᠠ ᠲᠡᠵᠢᠭᠡᠵᠦ᠂ ᠡᠳᠦᠷ ᠲᠤ | 1000 ᠭᠠᠷᠤᠢ ᠵᠢᠩ ᠥᠨᠳᠡᠭᠡ ᠲᠡᠭᠦᠵᠦ᠂ ᠦᠢᠯᠡᠳᠬᠦᠨ ᠤ ᠥᠷᠲᠡᠭ ᠨᠢ 4000 ᠭᠠᠷᠤᠢ ᠲᠥᠭᠦᠷᠢᠭ ᠲᠤ | ᠬᠦᠷᠴᠡᠢ︾ ᠭᠡᠵᠦ ᠰᠢᠤᠸᠠᠨ ᠰᠦ ᡁᠢ ᠶᠢᠨ ᠴᠢᠷᠠᠢ ᠳᠤ ᠪᠠᠶᠠᠷ ᠤᠨ ᠢᠨᠢᠶᠡᠮᠰᠦᠭᠯᠡᠯ | ᠪᠢᠯᠬᠠᠨ᠎ᠠ᠃ | ᠰᠢᠶᠠᠩᠱᠠᠨ ᠲᠠᠷᠢᠶᠠᠯᠠᠩ ᠤᠨ ᠲᠠᠯᠠᠪᠠᠢ ᠳᠤ ᠰᠢᠤᠸᠠᠨ ᠰᠦ ᡁᠢ ᠶᠢ ᠳᠤᠷᠠᠳᠬᠤ ᠳᠤ᠂ ᠤᠯᠠᠨ ᠢᠶᠠᠷ ᠢᠶᠠᠨ | ᠲᠡᠭᠦᠨ ᠢ ᠯᠢ ᠮᠢᠩ ᠲᠠᠵᠢᠭᠡᠪᠤᠷᠢ ᠶᠢᠨ ᠲᠤᠰᠬᠠᠢ ᠬᠤᠷᠰᠢᠶ᠎ᠠ ᠶᠢᠨ ᠳᠠᠭᠠᠭᠤᠯᠤᠭᠴᠢ ᠪᠣᠯᠬᠤ ᠶᠢ ᠮᠡᠳᠡᠬᠦ ᠪᠠᠷ ᠪᠠᠷᠠᠬᠤ | ᠦᠭᠡᠢ᠂ ᠪᠠᠰᠠ ᠲᠡᠭᠦᠨ ᠢ ︽ᠲᠠᠬᠢᠶᠠᠨ ᠤ ᠺᠤᠮᠠᠨᠳᠠᠯᠠᠭᠴᠢ︾ ᠭᠡᠵᠦ ᠳᠣᠲᠣᠨᠣᠰᠤᠭ ᠢᠶᠠᠷ ᠲᠠᠭᠤᠳᠠᠳᠠᠭ᠃ | | | | | ᠰᠢᠤᠸᠠᠨ ᠰᠦ ᡁᠢ ᠢᠯᠡᠷᠬᠡᠶᠢᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠪᠢ ᠡᠷᠬᠢᠨ ᠲᠣᠭᠤᠷᠢᠨ ᠤ ᠵᠠᠷᠢᠮ | ᠬᠦᠴᠢᠷᠳᠡᠯ ᠲᠠᠢ ᠭᠡᠷ ᠪᠦᠯᠢ ᠬᠢᠨ ᠢ ᠳᠠᠭᠠᠭᠤᠯᠤᠨ᠂ ᠮᠠᠨ ᠤ ᠬᠤᠷᠰᠢᠶᠠᠨ ᠳᠤ ᠣᠴᠢᠵᠤ ᠠᠷᠰᠠᠷ ᠠᠵᠢᠯ ᠬᠢᠵᠦ᠂ | ᠣᠷᠣᠯᠭ᠎ᠠ ᠶᠢ ᠨᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠡᠢ᠃ | 2023 ᠣᠨ ᠳᠤ᠂ ᠬᠤᠰᠢᠭᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠴᠢᠬᠤᠯᠠ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ | ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠠᠯᠠᠰᠢᠨ ᠦᠬᠡᠷ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠨᠠᠷᠢᠯᠢᠭ ᠬᠢᠬᠦ᠂ ᠲᠤᠰᠬᠠᠶᠢᠵᠢᠭᠤᠯᠬᠤ᠂ | ᠬᠡᠯᠬᠢᠶ᠎ᠡ ᠶᠢ ᠣᠷᠳᠣ ᠪᠣᠯᠭᠠᠬᠤ︾ ᠪᠠᠷ ᠬᠦᠴᠦᠯᠡᠬᠦ ᠴᠡᠭ ᠪᠣᠯᠭᠠᠨ᠂ ︽ᠪᠠᠭ᠎ᠠ ᠬᠡᠪᠴᠢᠶᠡᠨ ᠤ᠂ ᠲᠣᠮᠣ ᠬᠠᠮᠲᠤᠯᠢᠭ︾ | ᠤᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠬᠥᠲᠥᠯᠥᠨ | ᠵᠢᠯᠤᠭᠤᠳᠴᠤ ᠪᠠᠶᠢᠭᠠᠳ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠵᠦ᠂ ᠠᠯᠠᠰᠢᠨ ᠦᠬᠡᠷ ᠤᠨ ᠠᠵᠤ | ᠦᠢᠯᠡᠰ ᠢ ᠠᠷᠠᠳ ᠢ ᠪᠠᠶᠠᠵᠢᠭᠤᠯᠬᠤ ᠠᠵᠤ ᠦᠢᠯᠡᠰ ᠪᠣᠯᠭᠠᠨ᠎ᠠ ᠭᠡᠵᠦ ᠲᠤᠷᠠᠳᠪᠠ᠃ | | | | | ᠴᠢᠨᠳᠠᠮᠨᠤᠢ ᠰᠤᠮᠤ ᠶᠢᠨ ᠪᠠᠶᠠᠨᠵᠢᠷᠤᠭᠡ ᠭᠠᠴᠠᠭ᠎ᠠ ᠶᠢᠨ ᠲᠠᠵᠢᠭᠡᠪᠤᠷᠢ ᠶᠢᠨ ᠲᠤᠰᠬᠠᠢ ᠬᠤᠷᠰᠢᠶ᠎ᠠ ᠶᠢᠨ ᠠᠯᠠᠰᠢᠨ | ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ᠂ ᠦᠬᠡᠷ ᠤᠨ ᠦᠰᠤ ᠨᠢ ᠬᠢᠯᠳᠠᠭᠠᠨᠠᠵᠦ᠂ ᠲᠠᠷᠭᠤ ᠬᠦᠴᠦ | ᠰᠠᠶᠢᠲᠠᠢ ᠠᠯᠠᠰᠢᠨ ᠦᠬᠡᠷ ᠤᠳ ᠡᠪᠦᠯ ᠤᠨ ᠡᠳᠦᠷ ᠤᠨ ᠬᠠᠯᠠᠭᠤᠨ ᠨᠡᠷᠡᠨ ᠤ ᠢᠯᠴᠢ ᠲᠤᠤᠷ᠎ᠠ ᠰᠡᠯᠡᠭᠦᠴᠡᠵᠦ ᠬᠢᠪᠢᠵᠦ | ᠪᠠᠶᠢᠯ᠎ᠠ᠃ | ᠲᠠᠨᠢᠯᠴᠠᠭᠤᠯᠤᠭᠰᠠᠨ ᠢᠶᠠᠷ᠂ ᠲᠣᠰ ᠬᠤᠷᠰᠢᠶ᠎ᠠ ᠪᠣᠯ ᠪᠠᠶᠠᠨᠵᠢᠷᠤᠭᠡ ᠭᠠᠴᠠᠭ᠎ᠠ ᠶᠢᠨ ᠬᠠᠮᠲᠤ ᠶᠢᠨ ᠠᠵᠤ ᠠᠬᠤᠢ | ᠮᠥᠨ᠂ ︽ᠨᠠᠮ ᠤᠨ ᠡᠭᠦᠷ + ᠬᠤᠷᠰᠢᠶ᠎ᠠ︾ ᠪᠠᠷ ᠬᠥᠭᠵᠢᠯᠲᠡ ᠶᠢᠨ ᠬᠡᠪ ᠵᠠᠭᠪᠤᠷ ᠪᠣᠯᠭᠠᠵᠤ᠂ ᠭᠠᠴᠠᠭ᠎ᠠ ᠶᠢᠨ | ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠰᠢᠨ᠎ᠡ ᠠᠷᠭ᠎ᠠ᠂ ᠰᠢᠨ᠎ᠡ ᠵᠠᠮ ᠢ | ᠰᠦᠪᠡᠭᠴᠢᠯᠡᠬᠦ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠮᠠᠯ ᠠᠵᠤ | ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠣᠳᠣᠬᠠᠨ ᠳᠤ᠂ ᠬᠤᠷᠰᠢᠶᠠᠨ ᠤ ᠠᠯᠠᠰᠢᠨ ᠦᠬᠡᠷ ᠤᠨ ᠲᠤᠭ᠎ᠠ 70 ᠭᠠᠷᠤᠢ | ᠪᠣᠯᠵᠠᠢ᠃ | | | | | ︽ᠮᠠᠨ ᠤ ᠭᠠᠴᠠᠭ᠎ᠠ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠠᠮᠲᠤ ᠶᠢᠨ | ᠣᠷᠣᠯᠭ᠎ᠠ ᠶᠢ ᠨᠡᠮᠡᠭᠳᠡᠭᠦᠯᠬᠦ ᠶᠢᠨ ᠭᠤᠣᠯ ᠵᠣᠷᠢᠯᠭ᠎ᠠ ᠪᠣᠯ ᠠᠷᠠᠳ ᠢᠷᠭᠡᠳ ᠤᠨ ᠠᠮᠢᠳᠤᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠢᠷᠭᠡᠳ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠵᠦ᠂ ᠠᠷᠠᠳ ᠢᠷᠭᠡᠳ ᠲᠤ | ᠰᠠᠶᠢᠲᠤᠷ ᠦᠢᠯᠡᠴᠢᠯᠡᠬᠦ ᠶᠢᠨ ᠲᠥᠯᠥᠭᠡ ᠶᠤᠮ︾ ᠭᠡᠵᠦ ᠪᠠᠶᠠᠨᠵᠢᠷᠤᠭᠡ ᠭᠠᠴᠠᠭᠠᠨ ᠤ ᠨᠠᠮ ᠤᠨ ᠡᠭᠦᠷ ᠤᠨ ᠱᠦᠵᠢ | ᠬᠦᠭᠵᠢᠯᠳᠤ ᠬᠡᠯᠡᠪᠡ᠃ | ᠣᠶᠢᠷ᠎ᠠ ᠶᠢᠨ ᠵᠢᠯ ᠤᠨ ᠲᠤᠷᠰᠢ᠂ ᠴᠢᠨᠳᠠᠮᠨᠤᠢ ᠰᠤᠮᠤ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ︽ | ᠠᠵᠤ ᠦᠢᠯᠡᠰ ᠢᠶᠠᠷ ᠪᠠᠯᠭᠠᠰᠤ ᠶᠢ ᠬᠦᠴᠦᠷᠬᠡᠭᠵᠢᠭᠦᠯᠵᠦ᠂ ᠨᠢᠭᠡ ᠲᠣᠰᠬᠤᠨ ᠨᠢᠭᠡ ᠪᠦᠲᠦᠭᠡᠭᠳᠡᠬᠦᠨ ᠪᠠᠶᠢᠬᠤ︾ | ᠵᠠᠷᠴᠢᠮ ᠢ ᠪᠠᠷᠢᠮᠲᠠᠯᠠᠵᠤ᠂ ᠬᠤᠨᠢᠨ ᠤ ᠠᠵᠤ ᠦᠢᠯᠡᠰ ᠢ ᠲᠦᠷᠭᠡᠨ ᠪᠣᠶᠢᠵᠢᠭᠤᠯᠵᠤ᠂ ᠬᠤᠨᠢᠨ ᠤ ᠠᠵᠤ ᠦᠢᠯᠡᠰ ᠢ | ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠲᠤᠰᠬᠠᠶᠢᠵᠢᠭᠰᠠᠨ᠂ ᠠᠮᠢ ᠠᠬᠤᠶᠢᠵᠢᠭᠰᠠᠨ ᠬᠥᠭᠵᠢᠯᠲᠡ ᠶᠢᠨ ᠵᠠᠮ ᠢᠶᠠᠷ | ᠵᠠᠮᠨᠠᠭᠤᠯᠵᠤ᠂ ᠬᠤᠨᠢᠨ ᠤ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ | ᠨᠡᠷ᠎ᠡ ᠶᠢᠨ ᠬᠠᠭᠤᠳᠠᠰᠤ︾ ᠶᠢ ᠭᠢᠯᠠᠯᠵᠠᠭᠤᠯᠤᠭᠰᠠᠨ | ᠪᠠᠶᠢᠨ᠎ᠠ᠃ | ᠪᠠᠶᠠᠨᠵᠢᠷᠤᠭᠡ ᠭᠠᠴᠠᠭ᠎ᠠ ᠶᠢᠨ ᠮᠠᠯᠴᠢᠨ ᠨᠠᠷᠠᠨᠳᠤᠶᠠᠭ᠎ᠠ ᠶᠢᠨ ᠭᠡᠷ ᠲᠤ ᠣᠷᠣᠬᠤ ᠳᠤ᠂ ᠨᠢᠭᠡᠨ ᠠᠭᠤᠵᠢᠮ | ᠲᠡᠭᠰᠢᠭᠡᠨ ᠫᠧᠩ ᠰᠠᠷᠠᠪᠴᠢ ᠨᠤᠭᠤᠳ ᠬᠥᠮᠥᠰ ᠤᠨ ᠠᠩᠬᠠᠷᠤᠯ ᠢ ᠣᠨᠴᠠ ᠲᠠᠲᠠᠨ᠎ᠠ᠂ ᠨᠠᠷᠠᠨᠲᠤᠶᠠᠭ᠎ᠠ ᠶᠠᠭ | ᠥᠪᠡᠷ ᠤᠨ ᠬᠤᠨᠢ ᠳᠤ ᠪᠠᠨ ︽ᠦᠳᠡ ᠶᠢᠨ ᠪᠤᠷᠳᠤᠭ᠎ᠠ︾ ᠪᠡᠯᠡᠳᠬᠡᠵᠦ ᠪᠠᠶᠢᠨ᠎ᠠ᠃ | | | | | ︽ᠮᠠᠨ ᠤ ᠭᠡᠷ ᠤᠨ ᠲᠡᠵᠢᠭᠡᠵᠦ ᠪᠠᠶᠢᠭ᠎ᠠ ᠨᠢ ᠡᠭᠦᠯᠳᠡᠷ ᠤᠨ ᠬᠤᠨᠢ ᠪᠣᠯᠣᠨ᠎ᠠ᠂ ᠭᠠᠳᠠᠨ᠎ᠠ ᠣᠷᠣᠨ ᠤ ᠵᠣᠴᠢᠳ | ᠤᠳᠠᠭ᠎ᠠ ᠪᠦᠷᠢ ᠵᠠᠬᠢᠶᠠᠯᠠᠭ᠎ᠠ ᠪᠠᠷ ᠬᠤᠳᠠᠯᠳᠤᠨ ᠠᠪᠲᠠᠭ᠂ ᠵᠢᠯ ᠪᠦᠷᠢ ᠬᠤᠶᠠᠷ ᠤᠳᠠᠭ᠎ᠠ ᠬᠤᠳᠠᠯᠳᠤᠵᠤ᠂ 12 | ᠰᠠᠷ᠎ᠠ ᠳᠤ ᠪᠠᠰᠠ ᠨᠢᠭᠡ ᠤᠳᠠᠭ᠎ᠠ ᠬᠤᠳᠠᠯᠳᠤᠪᠠ᠂ ᠵᠢᠯ ᠤᠨ ᠣᠷᠣᠯᠭ᠎ᠠ 20 ᠲᠦᠮᠡᠨ ᠲᠥᠭᠦᠷᠢᠭ ᠲᠤ ᠬᠦᠷᠦᠨ᠎ᠡ︾᠃ | ᠨᠠᠷᠠᠨᠲᠤᠶᠠᠭ᠎ᠠ ᠬᠡᠯᠡᠭᠰᠡᠨ ᠨᠢ᠂ 2023 ᠣᠨ ᠳᠤ ᠲᠡᠭᠦᠨ ᠤ ᠬᠤᠨᠢ ᠶᠢᠨ ᠲᠤᠭ᠎ᠠ 300 ᠬᠦᠷᠴᠦ᠂ ᠬᠤᠨᠢᠨ ᠤ | ᠠᠵᠤ ᠦᠢᠯᠡᠰ ᠢ ᠬᠥᠭᠵᠢᠭᠦᠯᠬᠦ ᠪᠠᠷ ᠳᠠᠮᠵᠢᠨ ᠡᠳᠦᠷ ᠢᠷᠡᠬᠦᠶ᠎ᠡ ᠠᠮᠢᠳᠤᠷᠠᠯ ᠰᠠᠶᠢᠵᠢᠷᠠᠵᠦ ᠪᠠᠶᠢᠨ᠎ᠠ ᠭᠡᠪᠡ᠃ | | | | | ᠠᠵᠤ ᠦᠢᠯᠡᠰ ᠤᠨ ᠬᠥᠭᠵᠢᠯ ᠪᠠᠳᠠᠷᠠᠯ ᠪᠣᠯ ᠮᠠᠯᠵᠢᠬᠤ ᠲᠠᠷᠢᠶᠠᠯᠠᠬᠤ ᠣᠷᠣᠨ ᠤ ᠠᠯᠢᠪᠠ ᠠᠰᠠᠭᠤᠳᠠᠯ ᠢ | ᠰᠢᠢᠳᠪᠦᠷᠢᠯᠡᠬᠦ ᠶᠢᠨ ᠤᠷᠢᠲᠠᠯ ᠮᠥᠨ᠂ ᠠᠵᠤ ᠦᠢᠯᠡᠰ ᠤᠨ ᠬᠥᠭᠵᠢᠯ ᠪᠠᠳᠠᠷᠠᠯ ᠤᠨ ᠠᠯᠢ ᠤᠯᠠᠨ ᠪᠠᠶᠢᠳᠠᠯ ᠨᠢ ᠤᠳᠤ | ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠢᠯᠡᠷᠡᠭᠦᠯᠵᠦ ᠪᠠᠶᠢᠨ᠎ᠠ᠃ | ᠣᠶᠢᠷ᠎ᠠ ᠶᠢᠨ ᠬᠤᠶᠠᠷ ᠵᠢᠯ ᠳᠤ᠂ ᠵᠠᠷᠤᠳ ᠬᠤᠰᠢᠭᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠰᠠᠭᠤᠷᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠡᠬᠢ | ᠪᠠᠶᠠᠯᠢᠭ ᠤᠨ ᠳᠠᠪᠠᠭᠤᠯᠢᠭ ᠢᠶᠠᠨ ᠠᠵᠤ ᠦᠢᠯᠡᠰ ᠤᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ᠂ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ | ᠳᠠᠪᠠᠭᠤᠯᠢᠭ ᠲᠠᠭᠠᠨ ᠲᠦᠰᠢᠭᠯᠡᠨ ᠤᠳᠤ ᠦᠶ᠎ᠡ ᠶᠢᠨ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠢ ᠶᠡᠬᠡᠪᠡᠷ | ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠶᠢ | ᠴᠣᠭᠴᠠᠯᠠᠵᠤ᠂ ᠠᠵᠤ ᠦᠢᠯᠡᠰ ᠢᠶᠠᠷ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠨᠡᠩ ᠪᠠᠶᠠᠨ ᠴᠢᠨᠡᠭᠡᠯᠢᠭ | ᠪᠣᠯᠭᠠᠵᠤ᠂ ᠠᠶᠢᠯ ᠪᠣᠯᠭᠠᠨ ᠤᠷᠤᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠲᠠᠢ ᠪᠣᠯᠭᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠵᠣᠯ ᠵᠢᠷᠭᠠᠯᠲᠤ ᠠᠶᠠᠰ ᠢ ᠬᠠᠩᠭᠢᠨᠠᠭᠤᠯᠪᠠ᠃ | |