| 1 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠢᠪᠡ᠃ ᠬᠤᠰᠢᠭᠤᠨ | ᠤᠳᠤᠷᠢᠳᠤᠯᠭ᠎ᠠ ᠮᠦ ᠲᠢᠶᠧ ᠮᠢᠨ᠂ ᠶᠣᠣ ᠼᠠᠢ ᠶᠠᠨ᠂ ᠢᠦᠢ ᠬᠠᠢ ᠪᠦᠦ᠂ ᠳ᠋ᠢᠩ ᡁᠢ ᠭᠠᠩ᠂ ᠼᠦᠢ ᠯᠧᠢ ᠯᠧᠢ᠂ | ᠵᠠᠩ ᠯᠢ ᠭᠦᠸᠧ᠂ ᠫᠠᠨ ᠫᠧᠩ ᠹᠧᠢ ᠬᠤᠷᠠᠯ ᠳᠤ ᠣᠷᠣᠯᠴᠠᠵᠤ᠂ ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ | ᠰᠠᠯᠠᠭ᠎ᠠ ᠮᠥᠴᠢᠷ ᠵᠢᠴᠢ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | | | ᠬᠤᠷᠠᠯ ᠳᠡᠭᠡᠷ᠎ᠡ᠂ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠭᠦᠢᠴᠡᠳᠬᠡᠭᠰᠡᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ | ᠰᠠᠯᠠᠭ᠎ᠠ ᠮᠥᠴᠢᠷ ᠬᠢᠨ ᠲᠥᠷᠥᠯ ᠵᠦᠢᠯ ᠢ ᠭᠦᠢᠴᠡᠳᠬᠡᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ | ᠲᠤᠬᠠᠢ ᠲᠣᠪᠴᠢ ᠬᠠᠷᠢᠭᠤ ᠮᠡᠳᠡᠭᠦᠯᠦᠯᠲᠡ ᠬᠢᠪᠡ︔ ᠡᠯ᠎ᠡ ᠭᠠᠷᠳᠠᠮ ᠭᠦᠢᠴᠡᠳᠬᠡᠬᠦ ᠰᠠᠯᠠᠭ᠎ᠠ ᠮᠥᠴᠢᠷ ᠣᠷᠣᠰᠢᠵᠤ | ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ︔ ᠡᠯ᠎ᠡ ᠬᠤᠯᠪᠣᠭᠳᠠᠯ ᠪᠦᠬᠦᠢ ᠬᠤᠪᠢᠳᠠᠨ ᠬᠠᠮᠢᠶᠠᠷᠴᠤ ᠪᠦᠬᠦᠢ | ᠳᠡᠳ᠋ ᠬᠤᠰᠢᠭᠤᠨ ᠳᠠᠷᠤᠭ᠎ᠠ ᠲᠥᠷᠥᠯ ᠵᠦᠢᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠨᠥᠬᠦᠪᠦᠷᠢ ᠶᠠᠷᠢᠶ᠎ᠠ | ᠲᠠᠯᠪᠢᠪᠠ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ | ᠭᠤᠣᠯᠳᠠᠯᠭ᠎ᠠ ᠲᠠᠢ ᠲᠦᠷᠦᠯ ᠵᠦᠢᠯ ᠢ ᠨᠥᠭᠡᠴᠡᠯᠡᠬᠦ ᠠᠵᠢᠯ ᠪᠣᠯᠣᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠭᠦᠢᠴᠡᠳᠬᠡᠬᠦ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠠᠷᠢᠭᠤᠴᠠᠯᠭᠠᠲᠤ ᠰᠡᠳᠬᠢᠯᠭᠡ ᠪᠣᠯᠣᠨ | ᠪᠠᠴᠢᠮ ᠲᠤᠯᠭᠠᠮ᠎ᠠ ᠰᠡᠳᠬᠢᠯᠭᠡ ᠪᠠᠨ ᠳᠠᠰᠤᠷᠠᠯᠳᠠ ᠦᠭᠡᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠳᠠᠪᠬᠤᠴᠠᠨ | ᠰᠣᠯᠪᠢᠴᠠᠭᠰᠠᠨ ᠬᠤᠭᠤᠴᠠᠭ᠎ᠠ ᠶᠢ ᠭᠦᠢᠴᠡᠳ ᠡᠵᠡᠮᠳᠡᠵᠦ᠂ ᠪᠥᠬᠦ ᠬᠤᠰᠢᠭᠤᠨ ᠤ ᠭᠤᠣᠯᠯᠠᠬᠤ ᠠᠵᠤ ᠦᠢᠯᠡᠰ ᠪᠠ | ᠠᠷᠠᠳ ᠤᠨ ᠠᠮᠢᠳᠤᠷᠠᠯ ᠤᠨ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥ ᠶᠢᠨ ᠪᠣᠳᠣᠯᠭ᠎ᠠ ᠶᠢᠨ | ᠰᠤᠳᠤᠯᠭᠠᠨ ᠤ ᠡᠷᠴᠢᠮ ᠪᠠ ᠲᠥᠷᠥᠯ ᠵᠦᠢᠯ ᠤᠨ ᠲᠥᠯᠦᠪᠵᠢᠭᠦᠯᠭᠡ ᠶᠢᠨ ᠨᠥᠭᠡᠴᠡᠯᠡᠯᠲᠡ ᠶᠢᠨ ᠭᠦᠨᠴᠡ ᠶᠢ | ᠴᠢᠩᠭᠠᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ | ᠪᠡᠯᠡ ᠮᠥᠩᠭᠦ ᠲᠡᠮᠡᠴᠡᠨ ᠣᠯᠵᠤ ᠲᠥᠷᠥᠯ ᠵᠦᠢᠯ ᠲᠣᠭᠲᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠬᠢᠬᠦ ᠪᠠ ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠤᠨ ᠬᠠᠮᠲᠤᠷᠠᠯ | ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ | ᠲᠦᠷᠭᠡᠨ ᠠᠬᠢᠭᠤᠯᠬᠤ ᠬᠡᠷᠡᠭᠲᠡᠢ᠃ ᠲᠥᠷᠥᠯ ᠵᠦᠢᠯ ᠢ ᠠᠵᠢᠯ ᠡᠬᠢᠯᠡᠭᠦᠯᠬᠦ ᠪᠠᠷ ᠡᠬᠢᠯᠡᠯᠲᠡ ᠶᠢᠨ ᠱᠤᠭᠤᠮ | ᠪᠣᠯᠭᠠᠬᠤ ᠶᠢ ᠪᠠᠷᠢᠮᠲᠠᠯᠠᠵᠤ᠂ ᠣᠨ ᠤ ᠲᠥᠷᠥᠯ ᠵᠦᠢᠯ ᠤᠨ ᠪᠡᠯᠡ ᠣᠷᠣᠭᠤᠯᠬᠤ ᠲᠥᠯᠥᠪᠯᠡᠭᠡ ᠶᠢᠨ ᠲᠣᠭᠤᠷᠢᠨ ᠳᠤ᠂ | ᠡᠭᠦᠷᠭᠡ ᠪᠠᠨ ᠰᠠᠶᠢᠲᠤᠷ ᠵᠠᠳᠣᠯᠵᠤ᠂ ᠲᠦᠷᠦᠯ ᠵᠦᠢᠯ ᠤᠨ ᠡᠬᠡ ᠲᠠᠩᠰᠠ ᠶᠢ ᠪᠠᠶᠢᠭᠤᠯᠵᠤ᠂ ᠲᠦᠷᠦᠯ ᠵᠦᠢᠯ ᠤᠨ | ᠠᠵᠢᠯ ᠡᠬᠢᠯᠡᠬᠦ ᠴᠠᠭ ᠬᠤᠭᠤᠴᠠᠭ᠎ᠠ ᠪᠣᠯᠣᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠠᠵᠢᠯ ᠤᠨ | ᠬᠤᠭᠤᠴᠠᠭ᠎ᠠ ᠶᠢ ᠲᠣᠩᠭᠤᠷᠠᠭᠤᠯᠵᠤ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠣᠬᠤᠷ ᠬᠤᠭᠤᠴᠠᠭᠠᠨ ᠳᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠬᠢᠵᠦ᠂ ᠡᠳᠦᠷ ᠪᠦᠷᠢ | ᠰᠢᠨ᠎ᠡ ᠠᠬᠢᠴᠠ ᠲᠠᠢ᠂ ᠭᠠᠷᠠᠭ ᠪᠦᠷᠢ ᠰᠢᠨ᠎ᠡ ᠬᠤᠪᠢᠷᠠᠯᠲᠠ ᠲᠠᠢ᠂ ᠰᠠᠷ᠎ᠠ ᠪᠦᠷᠢ ᠰᠢᠨ᠎ᠡ ᠳᠦᠷᠢ ᠲᠥᠷᠬᠦ ᠲᠠᠢ | ᠪᠠᠶᠢᠬᠤ ᠶᠢ ᠪᠠᠲᠤᠯᠠᠵᠤ᠂ ᠪᠦᠬᠦ ᠬᠤᠰᠢᠭᠤᠨ ᠤ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠲᠠᠢ ᠪᠠᠶᠢᠬᠤ | ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠳᠬᠠᠬᠤ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠬᠢᠨ ᠬᠠᠷᠢᠭᠤᠴᠠᠯᠭ᠎ᠠ ᠶᠢᠨ | ᠤᠬᠠᠮᠰᠠᠷ ᠢᠶᠠᠨ ᠪᠠᠲᠤ ᠪᠣᠶ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠵᠢᠯ ᠤᠨ ᠠᠬᠢᠴᠠ ᠶᠢ ᠠᠮᠵᠢᠨ ᠠᠳᠬᠤᠵᠤ᠂ ︽ | ᠲᠦᠷᠦᠭᠦᠦ ᠣᠳᠣᠷᠢᠳᠣᠯᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠦᠷᠦᠭᠦᠯᠡᠬᠦ ᠰᠠᠯᠠᠭ᠎ᠠ ᠮᠥᠴᠢᠷ ᠬᠢᠨ | ᠨᠢᠭᠡᠳᠦᠯᠲᠡᠢ ᠲᠥᠯᠥᠪᠯᠡᠬᠦ᠂ ᠵᠣᠬᠢᠴᠠᠭᠤᠯᠬᠤ᠂ ᠶᠡᠷᠦᠩᠬᠡᠶᠢᠯᠡᠨ ᠡᠵᠡᠮᠳᠡᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ | ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠭᠦᠢᠴᠡᠳᠬᠡᠬᠦ ᠶᠠᠪᠤᠴᠠ ᠳᠠᠬᠢ ᠪᠣᠳᠠᠲᠠᠢ ᠬᠦᠴᠢᠷᠳᠡᠯ ᠢ ᠰᠠᠶᠢᠲᠤᠷ | ᠰᠢᠢᠳᠪᠦᠷᠢᠯᠡᠨ᠂ ᠭᠠᠷᠳᠠᠮ ᠭᠦᠢᠴᠡᠳᠬᠡᠬᠦ ᠪᠠᠨ ᠲᠦᠷᠭᠡᠳᠭᠡᠬᠦ ᠪᠠ ᠲᠡᠭᠦᠯᠳᠡᠷᠵᠢᠭᠦᠯᠬᠦ ᠶᠢ ᠦᠨᠡᠨᠬᠦ ᠪᠠᠲᠤᠯᠠᠵᠤ᠂ | ᠲᠥᠷᠥᠯ ᠵᠦᠢᠯ ᠤᠨ ᠲᠦᠷᠭᠡᠨ ᠠᠬᠢᠬᠤ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠨᠤᠲᠠᠯᠠᠯᠲᠠ ᠶᠢ ᠰᠠᠶᠢᠲᠤᠷ | ᠬᠢᠵᠦ᠂ ᠡᠮᠦᠨᠡᠬᠢ ᠬᠤᠭᠤᠴᠠᠭᠠᠨ ᠤ ᠶᠠᠪᠤᠴᠠ ᠶᠢ ᠰᠢᠯᠢᠳᠡᠭᠵᠢᠭᠦᠯᠵᠦ᠂ ᠲᠦᠷᠦᠯ ᠵᠦᠢᠯ ᠤᠨ ᠬᠢᠨᠠᠨ ᠵᠥᠪᠰᠢᠶᠡᠷᠡᠯ ᠢ | ᠲᠦᠷᠭᠡᠳᠬᠡᠵᠦ᠂ ᠲᠦᠭᠵᠢᠷᠡᠯ ᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠭᠡᠷ ᠲᠤᠨᠢ ᠬᠦᠷᠴᠦ ᠦᠢᠯᠡᠴᠢᠯᠡᠵᠦ᠂ ᠲᠣᠬᠢᠷᠠᠭᠤᠯᠬᠤ ᠲᠣᠭᠲᠠᠴᠠ ᠶᠢ | ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠢᠨᠠᠨ | ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠰᠢᠯᠢᠳᠡᠭ | ᠦᠢᠯᠡᠴᠢᠯᠡᠭᠡ ᠬᠠᠩᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ | ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ | ᠦᠷ᠎ᠡ ᠪᠦᠲᠦᠮᠵᠢ ᠶᠢᠨ ᠤᠬᠠᠮᠰᠠᠷ ᠢ ᠪᠣᠶ ᠪᠣᠯᠭᠠᠵᠤ᠂ ᠠᠵᠤ ᠠᠬᠤᠶᠢᠯᠠᠯ ᠲᠠᠢ ᠵᠣᠯᠭᠠᠭᠤᠯᠵᠤ᠂ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠨᠢᠭᠲᠠ ᠬᠠᠮᠵᠢᠯᠴᠠᠵᠤ᠂ ᠠᠷᠭ᠎ᠠ ᠶᠢᠨ ᠰᠢᠨ᠎ᠡ ᠶᠢ ᠡᠭᠦᠳᠴᠦ᠂ | ᠤᠷᠢᠳᠴᠢᠯᠠᠨ ᠬᠢᠨᠠᠬᠤ᠂ ᠬᠠᠮᠲᠤᠷᠠᠨ ᠬᠢᠨᠠᠬᠤ ᠵᠡᠷᠭᠡ ᠠᠵᠢᠯ ᠤᠨ ᠲᠣᠭᠲᠠᠴᠠ ᠶᠢ ᠤᠷᠢᠳᠴᠢᠯᠠᠨ ᠡᠬᠢᠯᠡᠭᠦᠯᠵᠦ᠂ | ᠭᠠᠷᠳᠠᠮ ᠭᠦᠢᠴᠡᠳᠬᠡᠬᠦ ᠴᠠᠭ ᠤᠨ ᠬᠢᠵᠠᠭᠠᠷ ᠢ ᠪᠥᠬᠦ ᠲᠠᠯ᠎ᠠ ᠪᠠᠷ ᠪᠠᠭᠠᠰᠬᠠᠨ᠂ ᠭᠤᠣᠯᠳᠠᠯᠭ᠎ᠠ ᠲᠠᠢ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠪᠠᠲᠤᠯᠠᠵᠤ᠂ ᠪᠥᠬᠦ ᠬᠤᠰᠢᠭᠤᠨ ᠤ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ | ᠭᠡᠪᠡ᠃ | | | |