ᠥᠪᠡᠷᠲᠡᠭᠡᠨ ᠵᠠᠰᠠᠬᠤ ᠣᠷᠣᠨ ᠤ ᠵᠥᠭᠡᠯᠡᠨ ᠲᠣᠨᠤᠭ ᠢ ᠵᠢᠩᠬᠢᠨᠢ ᠪᠠᠷᠴᠢᠯᠠᠬᠤ ᠠᠵᠢᠯ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠵᠠᠷᠤᠳ ᠬᠤᠰᠢᠭᠤᠨ ᠳᠤ ᠢᠷᠡᠵᠦ  ᠬᠢᠨᠠᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/1/8
   1ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠥᠭᠡᠯᠡᠨ ᠲᠣᠨᠤᠭ ᠢ ᠵᠢᠩᠬᠢᠨᠢ ᠪᠠᠷᠴᠢᠯᠠᠬᠤ ᠠᠵᠢᠯ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠸᠠᠩ ᠶᠦᠩ ᠴᠢᠶᠠᠩ᠂ ᠯᠢ ᠶᠠ ᠡᠾᠦ᠋ᠢ ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠪᠠ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠵᠣᠣ ᠴᠠᠩ ᠹᠠ ᠨᠠᠷ ᠵᠠᠷᠤᠳ ᠬᠤᠰᠢᠭᠤᠨ ᠳᠤ ᠢᠷᠡᠵᠦ᠂ ᠵᠥᠭᠡᠯᠡᠨ ᠲᠣᠨᠤᠭ ᠢ ᠵᠢᠩᠬᠢᠨᠢ ᠪᠠᠷᠴᠢᠯᠠᠬᠤ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠤᠭᠤᠳᠬᠤ ᠶᠢᠨ ᠬᠠᠮᠲᠤ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠬᠠᠷᠢᠭᠤ ᠲᠤᠰᠬᠠᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠤ ᠪᠣᠯᠣᠨ ᠬᠤᠰᠢᠭᠤᠨ ᠤ ᠡᠯ᠎ᠡ ᠬᠤᠯᠪᠣᠭᠳᠠᠯ ᠪᠦᠬᠦᠢ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠤᠶᠤ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃       
微信图片_20240108104738.png
     ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠵᠥᠭᠡᠯᠡᠨ ᠲᠣᠨᠤᠭ ᠢ ᠵᠢᠩᠬᠢᠨᠢ ᠪᠠᠷᠴᠢᠯᠠᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠵᠡᠷᠭᠡ ᠭᠠᠵᠠᠷ ᠲᠤ ᠬᠦᠷᠴᠦ᠂ ᠵᠥᠭᠡᠯᠡᠨ ᠲᠣᠨᠤᠭ ᠢ ᠵᠢᠩᠬᠢᠨᠢ ᠪᠠᠷᠴᠢᠯᠠᠬᠤ ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ᠂ ᠵᠢᠩᠬᠢᠨᠢ ᠪᠠᠷ ᠤᠨ ᠵᠥᠭᠡᠯᠡᠨ ᠲᠣᠨᠤᠭ ᠢ ᠬᠤᠳᠠᠯᠳᠤᠨ ᠠᠪᠴᠤ ᠤᠭᠰᠠᠷᠠᠨ ᠬᠡᠷᠡᠭᠯᠡᠬᠦ᠂ ᠺᠣᠮᠫᠢᠦ᠋ᠲ᠋ᠧᠷ ᠤᠨ ᠡᠬᠡ ᠲᠠᠩᠰᠠ ᠪᠠᠶᠢᠭᠤᠯᠬᠤ ᠵᠡᠷᠭᠡ ᠲᠠᠯ᠎ᠠ ᠶᠢᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠵᠥᠭᠡᠯᠡᠨ ᠲᠣᠨᠤᠭ ᠢ ᠵᠢᠩᠬᠢᠨᠢ ᠪᠠᠷᠴᠢᠯᠠᠬᠤ ᠠᠵᠢᠯ ᠤᠨ ᠢᠨᠵᠧᠨᠧᠷ ᠠᠴᠠ ᠵᠢᠩᠬᠢᠨᠢ ᠪᠠᠷ ᠤᠨ ᠵᠥᠭᠡᠯᠡᠨ ᠲᠣᠨᠤᠭ ᠤᠨ ᠪᠠᠶᠢᠴᠠᠭᠠᠯᠲᠠ ᠶᠢᠨ ᠪᠠᠭᠠᠵᠢ ᠪᠠᠷ ᠳᠠᠮᠵᠢᠭᠤᠯᠤᠨ᠂ ᠺᠣᠮᠫᠢᠦ᠋ᠲ᠋ᠧᠷ ᠤᠨ ᠠᠵᠢᠯᠯᠠᠭᠤᠯᠬᠤ ᠰᠢᠰᠲ᠋ᠧᠮ᠂ ᠠᠯᠪᠠᠨ ᠬᠡᠷᠡᠭᠯᠡᠭᠡᠨ ᠤ ᠵᠥᠭᠡᠯᠡᠨ ᠲᠣᠨᠤᠭ᠂ ᠸᠢᠷᠦ᠋ᠰ ᠠᠯᠠᠬᠤ ᠵᠥᠭᠡᠯᠡᠨ ᠲᠣᠨᠤᠭ ᠢ ᠤᠭᠰᠠᠷᠠᠵᠤ ᠬᠡᠷᠡᠭᠯᠡᠭᠰᠡᠨ ᠪᠠᠶᠢᠳᠠᠯ ᠳᠤ ᠲᠤᠬᠠᠢ ᠶᠢᠨ ᠭᠠᠵᠠᠷ ᠤᠨ ᠰᠢᠯᠭᠠᠯᠲᠠ ᠬᠢᠪᠡ᠃     
微信图片_20240108104747.png
     ᠰᠢᠪᠠᠳᠠᠨ ᠪᠠᠶᠢᠴᠠᠭᠠᠵᠤ ᠬᠠᠷᠢᠭᠤ ᠲᠤᠰᠬᠠᠬᠤ ᠬᠤᠷᠠᠯ ᠳᠡᠭᠡᠷ᠎ᠡ᠂ ᠰᠢᠪᠠᠳᠠᠨ ᠪᠠᠶᠢᠴᠠᠭᠠᠬᠤ ᠳᠤᠭᠤᠶᠢᠯᠠᠩ ᠤᠨ  ᠬᠢᠨ ᠵᠠᠷᠤᠳ ᠬᠤᠰᠢᠭᠤᠨ ᠤ ᠵᠥᠭᠡᠯᠡᠨ ᠲᠤᠨᠤᠭ ᠤᠨ ᠵᠢᠩᠬᠢᠨᠢ  ᠪᠠᠷ ᠤᠨ ᠭᠡᠷᠡᠭᠯᠡᠭᠡᠨ ᠤ ᠠᠵᠢᠯ ᠢ ᠭᠦᠢᠴᠡᠳ ᠨᠤᠲᠠᠯᠠᠵᠤ᠂ ᠵᠠᠷᠤᠳ ᠬᠤᠰᠢᠭᠤᠨ ᠤ ᠬᠢᠨ ᠵᠥᠭᠡᠯᠡᠨ ᠲᠣᠨᠤᠭ ᠤᠨ ᠵᠢᠩᠬᠢᠨᠢ ᠪᠠᠷ ᠪᠤᠯᠭᠠᠬᠤ ᠠᠵᠢᠯ ᠤᠨ ᠦᠵᠡᠯ ᠰᠠᠨᠠᠭᠠᠨ ᠤ ᠲᠠᠯ᠎ᠠ ᠪᠠᠷ ᠵᠥᠪ ᠲᠠᠨᠢᠯᠲᠠ ᠲᠠᠢ᠂ ᠬᠠᠷᠢᠭᠤᠴᠠᠯᠭ᠎ᠠ ᠶᠢᠨ ᠳᠦᠷᠢᠮ ᠪᠦᠷᠢᠮ᠂ ᠠᠵᠢᠯ ᠤᠨ ᠦᠷ᠎ᠡ ᠪᠦᠲᠦᠮᠵᠢ ᠲᠣᠪᠣᠶᠢᠮ᠎ᠠ ᠪᠠᠶᠢᠨ᠎ᠠ ᠭᠡᠵᠦ ᠦᠵᠡᠪᠡ᠂ ᠵᠢᠴᠢ ᠴᠢᠬᠤᠯᠠᠴᠢᠯᠠᠭᠰᠠᠨ ᠨᠢ᠂ ᠵᠥᠭᠡᠯᠡᠨ ᠲᠣᠨᠤᠭ ᠤᠨ ᠵᠢᠩᠬᠢᠨᠢ  ᠪᠠᠷ ᠢ ᠬᠡᠷᠡᠭᠯᠡᠬᠦ ᠠᠵᠢᠯ ᠪᠣᠯ ᠤᠯᠤᠰ ᠤᠨ ᠠᠮᠤᠷ ᠲᠦᠪᠰᠢᠨ᠂ ᠢᠯᠠᠩᠭᠤᠶ᠎ᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠂ ᠵᠠᠷᠤᠳ ᠬᠤᠰᠢᠭᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠣ ᠬᠤᠲᠠ ᠶᠢᠨ ᠵᠥᠭᠡᠯᠡᠨ ᠲᠣᠨᠤᠭ ᠤᠨ ᠵᠢᠩᠬᠢᠨᠢ ᠪᠠᠷ ᠢ ᠭᠡᠷᠡᠭᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠵᠦ᠂ ᠵᠥᠭᠡᠯᠡᠨ ᠲᠣᠨᠤᠭ ᠢ ᠵᠢᠩᠬᠢᠨᠢ ᠪᠠᠷ ᠪᠣᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠴᠢᠩᠭᠠᠳᠬᠠᠨ᠂ ᠵᠢᠩᠬᠢᠨᠢ ᠪᠠᠷ ᠤᠨ ᠵᠥᠭᠡᠯᠡᠨ ᠲᠣᠨᠤᠭ ᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃     ᠢᠦᠢ ᠯᠢᠩ ᠬᠤᠸ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠬᠢᠨ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠤᠭᠤᠴᠠᠭ᠎ᠠ ᠬᠢᠵᠠᠭᠠᠷᠯᠠᠨ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠩᠬᠢᠨᠢ ᠪᠠᠷ ᠤᠨ ᠵᠥᠭᠡᠯᠡᠨ ᠲᠣᠨᠤᠭ ᠢ ᠬᠡᠷᠡᠭᠯᠡᠬᠦ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠥᠭᠡᠯᠡᠨ ᠲᠣᠨᠤᠭ ᠢ ᠵᠢᠩᠬᠢᠨᠢ ᠪᠠᠷ ᠪᠤᠯᠭᠠᠭᠰᠠᠨ ᠠᠵᠢᠯ ᠤᠨ ᠦᠷ᠎ᠡ ᠪᠦᠲᠦᠮᠵᠢ ᠪᠠᠨ ᠪᠠᠬᠢᠵᠢᠭᠦᠯᠵᠦ ᠂ ᠪᠥᠬᠦ ᠬᠤᠰᠢᠭᠤᠨ ᠤ ᠵᠥᠭᠡᠯᠡᠨ ᠲᠣᠨᠤᠭ ᠢ ᠵᠢᠩᠬᠢᠨᠢ ᠪᠠᠷ ᠪᠣᠯᠭᠠᠬᠤ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号