ᠵᠠᠷᠤᠳ ᠬᠤᠰᠢᠭᠤ ᠬᠢᠨᠠᠨ ᠪᠤᠳᠤᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/8
    1 ᠰᠠᠷ᠎ᠠ ᠶᠢᠨ 4 ᠤ ᠡᠳᠦᠷ᠂ ᠵᠠᠷᠤᠳ ᠬᠤᠰᠢᠭᠤ ᠬᠢᠨᠠᠨ ᠪᠤᠳᠤᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠤᠳᠤᠷᠢᠳᠤᠯᠭ᠎ᠠ ᠮᠦ ᠲᠢᠶᠧ ᠮᠢᠨ᠂ ᠫᠠᠨ ᠫᠧᠩ ᠹᠧᠢ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
fc282d6180b7cbacf781afd6f1526f6.jpg
    ᠬᠤᠷᠠᠯ ᠳᠡᠭᠡᠷ᠎ᠡ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠥᠷᠨᠢᠭᠦᠯᠦᠭᠰᠡᠨ ᠪᠠᠶᠢᠳᠠᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠵᠢᠴᠢ ᠤᠳᠤᠷᠢᠳᠤᠯᠭ᠎ᠠ ᠶᠢᠨ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠳᠡᠭᠡᠳᠦ ᠱᠠᠲᠤᠨ ᠤ ᠬᠢᠨᠠᠨ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠦᠭᠡᠳᠦᠢ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃     ᠪᠦᠦ ᠸᠧᠨ ᠯᠠᠨ ᠴᠢᠬᠤᠯᠠᠴᠢᠯᠠᠭᠰᠠᠨ ᠨᠢ᠂ ᠬᠢᠨᠠᠨ ᠪᠤᠳᠤᠬᠤ ᠪᠣᠯ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠵᠠᠰᠠᠯᠲᠠ ᠶᠢᠨ  ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠬᠦᠴᠦᠨ ᠮᠥᠨ᠃ ᠬᠢᠨᠠᠨ ᠪᠣᠳᠣᠯᠲᠠ ᠶᠢᠨ ᠤᠯᠤᠰ ᠲᠦᠷᠦ ᠶᠢᠨ ᠰᠢᠨᠵᠢ ᠴᠢᠨᠠᠷ ᠪᠣᠯᠣᠨ ᠤᠯᠤᠰ ᠲᠦᠷᠦ ᠶᠢᠨ ᠴᠢᠳᠠᠪᠬᠢ ᠶᠢ ᠴᠢᠩᠭᠠᠳᠬᠠᠵᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠤᠨ ᠬᠡᠷᠡᠭᠯᠡᠵᠦ ᠪᠠᠶᠢᠭ᠎ᠠ ᠪᠤᠢ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠡ ᠳᠤ ᠬᠢᠨᠠᠨ ᠪᠣᠳᠣᠯᠲᠠ ᠬᠢᠨᠠᠯᠲᠠ ᠲᠠᠯᠪᠢᠬᠤ ᠡᠷᠬᠡ ᠶᠢ ᠨᠢᠭᠡ ᠴᠦ ᠣᠷᠬᠢᠭᠳᠠᠭᠤᠯᠬᠤ ᠦᠭᠡᠢ᠂ ᠨᠢᠭᠡ ᠴᠦ ᠭᠤᠭᠤᠵᠢᠭᠳᠠᠭᠤᠯᠬᠤ ᠪᠠᠷ ᠪᠠᠶᠢᠩᠭᠤᠵᠢᠭᠰᠠᠨ᠂ ᠬᠥᠳᠡᠯᠦᠩᠭᠦᠢ ᠪᠠᠷ ᠰᠦᠷᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠡ ᠬᠢᠨ ᠳᠡᠭᠡᠳᠦ ᠱᠠᠲᠤᠨ ᠤ ᠬᠢᠨᠠᠨ ᠪᠣᠳᠣᠯᠲᠠ ᠶᠢᠨ ᠳᠣᠮᠳᠠ ᠢᠯᠡᠷᠡᠭᠦᠯᠦᠭᠰᠡᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠪᠣᠳᠣᠯᠲᠠ ᠪᠠᠷ ᠳᠠᠮᠵᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃     ᠪᠦᠦ ᠸᠧᠨ ᠯᠠᠨ ᠱᠠᠭᠠᠷᠳᠠᠭᠰᠠᠨ ᠨᠢ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨ ᠴᠢᠬᠤᠯᠠ ᠶᠡᠭᠡ ᠠᠰᠠᠭᠤᠳᠠᠯ ᠢ ᠳᠤᠪᠤᠶᠢᠯᠭᠠᠵᠦ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠨᠡᠮᠡᠭᠳᠡᠯ ᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ᠂ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠪᠠᠲᠣᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠪᠠ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠪᠦᠷᠬᠦᠭᠦᠯᠦᠭᠰᠡᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︔ ᠬᠢᠨᠠᠨ ᠪᠣᠳᠣᠯᠲᠠ ᠬᠢᠵᠦ ᠴᠡᠭᠴᠡᠯᠡᠨ ᠰᠠᠶᠢᠵᠢᠷᠠᠭᠤᠯᠬᠤ ᠲᠠᠷᠠᠭᠠᠴᠢ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠳᠡᠭᠡᠳᠦ ᠱᠠᠲᠤᠨ ᠤ ᠬᠢᠨᠠᠨ ᠪᠣᠳᠣᠯᠲᠠ ᠶᠢᠨ ᠳᠣᠮᠲᠠ ᠢᠯᠡᠷᠡᠭᠦᠯᠦᠭᠰᠡᠨ ᠠᠰᠠᠭᠤᠳᠠᠯ ᠪᠠ ᠲᠣᠰ ᠱᠠᠲᠤᠨ ᠤ ᠬᠢᠨᠠᠨ ᠪᠣᠳᠣᠯᠲᠠ ᠶᠢᠨ ᠳᠣᠮᠲᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ᠂ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠭᠲᠠᠭᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠢ ᠨᠢᠭᠡᠴᠡ ᠳᠤ ᠨᠢᠭᠡ ᠨᠢᠭᠡ ᠪᠠᠷ  ᠵᠢᠯᠣᠭᠤᠳᠴᠤ ᠂ ᠬᠢᠨᠠᠨ ᠪᠣᠳᠣᠯᠲᠠ ᠶᠢᠨ ᠳᠣᠮᠲᠠ ᠢᠯᠡᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠬᠢᠨᠠᠨ ᠪᠣᠳᠣᠬᠤ ᠠᠵᠢᠯ ᠤᠨ ᠬᠡᠪ ᠵᠠᠭᠪᠤᠷ ᠢ ᠰᠢᠯᠢᠳᠡᠭᠵᠢᠭᠦᠯᠵᠦ᠂ ᠬᠢᠨᠠᠨ ᠪᠣᠳᠣᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠰᠠᠮᠠᠭᠤᠷᠠᠯ ᠢ ᠵᠠᠰᠠᠬᠤ ᠲᠠᠯ᠎ᠠ ᠪᠠᠷ ᠬᠢ ᠬᠢᠨᠠᠨ ᠪᠣᠳᠣᠯᠲᠠ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶ᠎ᠡ ᠴᠠᠷ᠎ᠠ ᠳᠠᠬᠢ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ ᠱᠠᠮᠰᠢᠵᠤ ᠰᠢᠷᠭᠤᠯᠵᠢ ᠶᠢᠨ ᠢᠯᠵᠠᠷᠠᠯ︾ ᠢ ᠡᠷᠡᠰ ᠪᠠᠶᠢᠴᠠᠭᠠᠨ ᠰᠢᠢᠳᠪᠦᠷᠢᠯᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠬᠢᠨᠠᠨ ᠪᠣᠳᠣᠯᠲᠠ ᠶᠢᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号