ᠵᠠᠷᠤᠳ ᠬᠤᠰᠢᠭᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/1/8
    1 ᠰᠠᠷ᠎ᠠ ᠶᠢᠨ 5 ᠤ ᠡᠳᠦᠷ᠂ ᠵᠠᠷᠤᠳ ᠬᠤᠰᠢᠭᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠳᠡᠳ᠋ ᠬᠤᠰᠢᠭᠤᠨ ᠳᠠᠷᠤᠭ᠎ᠠ ᠪᠠᠷ ᠨᠡᠷ᠎ᠡ ᠳᠣᠷᠠᠳᠣᠭᠰᠠᠨ ᠵᠢᠱᠢᠭᠳᠡᠭᠴᠢ ᠫᠠᠨ ᠫᠧᠩ ᠹᠧᠢ ᠬᠤᠷᠠᠯ ᠳᠤ ᠣᠷᠣᠯᠴᠠᠪᠠ᠃ ᠬᠤᠰᠢᠭᠤᠨ ᠤ ᠲᠠᠪᠤᠳᠤᠭᠠᠷ ᠤᠳᠠᠭᠠᠨ ᠤ ᠪᠦᠭᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠣᠯᠣᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠪᠦᠷᠢᠯᠳᠦᠭᠦᠨ ᠨᠢᠭᠡᠴᠡ᠂ ᠡᠯ᠎ᠡ ᠰᠤᠮᠤ ᠪᠠᠯᠭᠠᠰᠤ ᠲᠠᠯᠠᠪᠠᠢ ︵ᠵᠡᠭᠡᠯᠢ ᠭᠤᠳᠤᠮᠵᠢ︶  ᠶᠢᠨ ᠭᠤᠣᠯ ᠬᠠᠷᠢᠭᠤᠴᠠᠯᠭᠠᠲᠠᠨ᠂ ᠲᠤᠭ᠎ᠠ ᠪᠦᠷᠢᠳᠬᠡᠯ ᠤᠨ ᠠᠵᠢᠯᠲᠠᠳ ᠬᠤᠷᠠᠯ ᠳᠤ ᠣᠷᠣᠯᠴᠠᠪᠠ᠃
1592798686e76445df540d4cc46efa3.jpg
    ᠮᠦ ᠲᠢᠶᠧ ᠮᠢᠨ ᠴᠢᠬᠤᠯᠠᠴᠢᠯᠠᠭᠰᠠᠨ ᠨᠢ᠂ ᠲᠠᠪᠤᠳᠤᠭᠠᠷ ᠤᠳᠠᠭᠠᠨ ᠤ ᠪᠦᠭᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠥᠷᠨᠢᠭᠦᠯᠬᠦ ᠨᠢ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠰᠠᠭᠤᠷᠢ︾  ᠶᠢ ᠲᠣᠳᠣᠷᠬᠠᠢ ᠣᠶᠢᠯᠠᠭᠠᠵᠤ᠂ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠦᠢᠯᠡᠴᠢᠯᠡᠬᠦ ᠳᠤ ᠴᠢᠬᠤᠯᠠ ᠶᠡᠭᠡ ᠪᠥᠭᠡᠳ ᠠᠯᠤᠰ ᠬᠡᠲᠤ ᠶᠢᠨ ᠠᠴᠢ ᠬᠤᠯᠪᠣᠭᠳᠠᠯ ᠲᠠᠢ ᠶᠤᠮ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ︽ᠲᠦᠷᠦᠭᠦᠦ ᠣᠳᠣᠷᠢᠳᠣᠯᠭ᠎ᠠ︾ ᠪᠡᠶ᠎ᠡ ᠪᠠᠷ ᠢᠶᠠᠨ ᠠᠳᠬᠤᠵᠤ ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠡᠭᠦᠷᠭᠡ᠂ ᠪᠣᠳᠠᠲᠠᠢ ᠠᠵᠢᠯᠲᠠᠨ᠂ ᠪᠣᠳᠠᠲᠠᠢ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠡᠭᠦᠷᠭᠡ ᠶᠢ ᠡᠮᠬᠢᠯᠡᠨ ᠳᠢᠭᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠠᠵᠢᠯ ᠤᠨ ᠬᠤᠭᠤᠴᠠᠭ᠎ᠠ ᠶᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠬᠢᠬᠦ ᠠᠵᠢᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠭᠤᠣᠯᠳᠠᠯᠭ᠎ᠠ ᠲᠠᠢ ᠭᠤᠭᠴᠤᠭ᠎ᠠ ᠶᠢ ᠣᠨᠣᠪᠴᠢᠲᠠᠢ ᠡᠵᠡᠮᠳᠡᠵᠦ᠂ ᠳᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠢᠳᠡᠪᠬᠢᠲᠡᠢ ᠰᠠᠶᠢᠲᠤᠷ ᠬᠢᠵᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠲᠠᠭᠯᠠᠨ ᠮᠡᠳᠡᠭᠦᠯᠬᠦ ᠨᠢ ᠪᠤᠰᠤᠳᠴᠢ ᠂ ᠣᠨᠣᠪᠴᠢᠲᠠᠢ ᠪᠠᠶᠢᠬᠤ ᠶᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ ᠶᠢ ᠡᠷᠡᠰ ᠪᠠᠲᠤ ᠰᠠᠬᠢᠬᠤ ᠬᠡᠷᠡᠭᠲᠡᠢ᠃ ᠠᠵᠢᠯ ᠤᠨ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠪᠦᠭᠦ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠪᠠ ᠠᠳᠠᠯᠢ ᠪᠤᠰᠤ ᠡᠲᠡᠭᠡᠳ ᠤᠨ ᠪᠠᠶᠢᠳᠠᠯ ᠤᠨ ᠵᠥᠷᠢᠶ᠎ᠡ ᠳᠤ ᠴᠢᠭᠯᠡᠭᠦᠯᠦᠨ᠂ ᠵᠣᠬᠢᠴᠠᠩᠭᠤᠢ ᠠᠵᠢᠯ ᠤᠨ ᠠᠷᠭ᠎ᠠ ᠬᠡᠮᠵᠢᠶ᠎ᠡ ᠶᠢ ᠣᠨᠣᠪᠴᠢᠲᠠᠶ ᠠᠪᠴᠤ᠂ ᠠᠵᠤ ᠠᠬᠤᠢ ᠶᠢᠨ ᠲᠤᠭ᠎ᠠ ᠪᠠᠷᠢᠮᠲᠠ ᠶᠢ ᠪᠦᠭᠦ ᠲᠠᠯ᠎ᠠ ᠪᠠᠷ ᠣᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠬᠠᠷᠢᠯᠴᠠᠨ ᠵᠣᠬᠢᠴᠠᠭᠤᠯᠬᠤ ᠶᠢ ᠪᠠᠲᠤᠯᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠯᠭᠡ ᠶᠢ ᠤᠯᠠᠨ ᠵᠦᠢᠯ ᠤᠨ ᠬᠡᠯᠪᠡᠷᠢ ᠪᠠᠷ ᠲᠦᠭᠡᠮᠡᠯᠵᠢᠭᠦᠯᠵᠦ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃     ᠬᠤᠷᠠᠯ ᠳᠡᠭᠡᠷ᠎ᠡ᠂ ᠵᠠᠷᠤᠳ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠠᠬᠢᠭᠤᠯᠬᠤ ᠲᠤᠰᠬᠠᠢ ᠠᠩᠭᠢ ᠶᠢᠨ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠬᠦ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号