ᠬᠤᠩᠬᠠᠳᠤ ᠠᠭᠤᠯᠠ ᠪᠠᠯᠭᠠᠰᠤ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠱᠠᠲᠤᠨ ᠤ ᠠᠵᠢᠯ ᠢ ᠪᠠᠶᠢᠷᠢᠯᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/1/9
      1 ᠰᠠᠷ᠎ᠠ ᠶᠢᠨ 8 ᠤ ᠡᠳᠦᠷ᠂ ᠬᠤᠩᠬᠠᠳᠤ ᠠᠭᠤᠯᠠ ᠪᠠᠯᠭᠠᠰᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠱᠠᠲᠤᠨ ᠤ ᠠᠵᠢᠯ ᠢ ᠪᠠᠶᠢᠷᠢᠯᠠᠭᠤᠯᠬᠤ ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ ︽ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠶᠠᠪᠤᠴᠠ ᠶᠢ ᠵᠢᠷᠤᠮᠵᠢᠭᠤᠯᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠬᠠᠤᠯᠢ ᠲᠣᠭᠲᠠᠭᠠᠯ ᠶᠣᠰᠣᠭᠠᠷ᠂ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠪᠠᠷ ᠠᠬᠢᠭᠤᠯᠬᠤ ᠬᠡᠷᠡᠭᠲᠡᠢ︔ ᠨᠡᠶᠢᠳᠡᠮ ᠪᠠᠶᠢᠴᠠᠭᠠᠭᠴᠢ ᠠᠴᠠ ᠡᠷᠦᠬᠡ ᠳᠤ ᠣᠷᠣᠬᠤ ᠶᠠᠰᠤ ᠴᠢᠨᠠᠷ  ᠢᠶᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠨ ᠡᠳᠦᠷ ᠪᠦᠷᠢ ᠡᠮᠬᠢᠯᠡᠨ ᠳᠢᠭᠯᠡᠵᠦ᠂ ᠡᠳᠦᠷ ᠲᠤ ᠢᠯᠭᠠᠷᠠᠭᠤᠯᠤᠨ ᠡᠳᠦᠷ ᠲᠤ ᠳ᠋ᠦᠩᠨᠡᠨ ᠪᠤᠳᠤᠵᠤ᠂ ᠲᠥᠷᠥᠯ ᠵᠦᠢᠯ ᠬᠤᠪᠢᠶᠠᠨ᠂ ᠠᠵᠢᠯ ᠲᠥᠷᠥᠯ ᠬᠤᠪᠢᠶᠠᠨ ᠨᠡᠶᠢᠳᠡᠮ ᠪᠠᠶᠢᠴᠠᠭᠠᠯᠲᠠ ᠶᠢᠨ ᠡᠬᠡ ᠲᠠᠩᠰᠠ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠮᠠᠲ᠋ᠧᠷᠢᠶᠠᠯ ᠢ ᠰᠠᠶᠢᠲᠤᠷ ᠦᠯᠡᠳᠡᠭᠡᠨ ᠬᠠᠳᠠᠭᠠᠯᠠᠬᠤ ᠬᠡᠷᠡᠭᠲᠡᠢ︔ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠠᠴᠠ ᠡᠷᠦᠬᠡ ᠳᠤ ᠣᠷᠣᠬᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠭ᠎ᠠ ᠪᠠᠷᠢᠮᠲᠠ ᠮᠠᠲ᠋ᠧᠷᠢᠶᠠᠯ ᠢ ᠰᠠᠶᠢᠲᠤᠷ ᠬᠠᠳᠠᠭᠠᠯᠠᠬᠤ ᠬᠡᠷᠡᠭᠲᠡᠢ︔ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠢᠭᠠᠨ ᠵᠢᠯᠣᠭᠤᠳᠤᠭᠴᠢ ᠡᠳᠦᠷ ᠪᠦᠷᠢ ᠬᠢᠨᠠᠯᠲᠠ ᠲᠠᠯᠪᠢᠬᠤ ᠶᠢᠨ ᠬᠠᠮᠲᠤ ᠨᠡᠶᠢᠳᠡᠮ ᠪᠠᠶᠢᠴᠠᠭᠠᠭᠴᠢ ᠶᠢ ᠰᠠᠶᠢᠲᠤᠷ ᠵᠢᠯᠤᠭᠤᠳᠴᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠡᠭᠦᠷᠭᠡ ᠪᠠᠨ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠪᠡ᠃       
微信图片_20240109103012.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号