ᠵᠠᠷᠤᠳ ᠬᠤᠰᠢᠭᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠣᠨᠣᠯ ᠰᠤᠷᠣᠯᠴᠠᠬᠤ ᠭᠤᠣᠯ ᠳᠤᠭᠤᠶᠢᠯᠠᠩ ᠤᠨ 9 ᠳ᠋ᠤᠭᠡᠷ ᠤᠳᠠᠭᠠᠨ ᠤ ᠰᠤᠷᠤᠯᠴᠠᠯᠭ᠎ᠠ ᠵᠢᠴᠢ 2024 ᠣᠨ ᠤ 1  ᠳ᠋ᠤᠭᠡᠷ ᠤᠳᠠᠭᠠᠨ ᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/1/9
    1 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠣᠨᠣᠯ ᠰᠤᠷᠣᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ 9 ᠳ᠋ᠤᠭᠡᠷ ᠤᠳᠠᠭᠠᠨ ᠤ ᠵᠢᠴᠢ 2024 ᠣᠨ ᠤ 1 ᠳ᠋ᠤᠭᠡᠷ ᠤᠳᠠᠭᠠᠨ ᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠬᠢᠯᠡᠪᠡ᠂ ᠪᠦᠦ ᠸᠧᠨ ᠯᠠᠨ᠂ ᠦ᠋  ᠴᠢᠩ ᠬᠠᠢ᠂ ᠯᠢᠦ ᠶᠦᠩ᠂ ᠶᠠᠩ ᠽᠢ ᠴᠢᠶᠠᠩ ᠵᠡᠷᠭᠡ ᠳᠡᠳ᠋ ᠭᠠᠵᠠᠷ ᠤᠨ ᠲᠠᠰ  ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ︿ᠰᠢᠨ᠎ᠡ ᠳᠦᠷᠢ ᠲᠥᠷᠬᠦ ᠶᠢᠨ ᠢᠨᠵᠧᠨᠧᠷᠢᠩ﹀ ᠢ ᠬᠦᠭᠡᠭᠡᠴᠡᠯᠳᠡᠬᠦ ᠶᠢ ᠡᠷᠡᠰ ᠰᠡᠷᠭᠡᠶᠢᠯᠡᠨ ᠵᠠᠰᠠᠬᠤ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢᠨ ᠲᠤᠬᠠᠢ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠪᠠ︔  ᠵᠠᠷᠢᠮ ᠭᠤᠣᠯ ᠳᠤᠭᠤᠶᠢᠯᠠᠩ ᠤᠨ ᠭᠡᠰᠢᠭᠦᠨ ᠥᠪᠡᠷ ᠥᠪᠡᠷ ᠤᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾  ᠶᠢ ᠪᠠᠳᠠᠷᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠭᠡᠰᠢᠭᠦᠨ ᠦᠰᠦᠭ ᠪᠢᠴᠢᠭ ᠤᠨ ᠶᠠᠷᠢᠶᠠᠨ ᠤ  ᠮᠡᠲ᠋ᠧᠷᠢᠶᠠᠯ ᠢᠶᠠᠨ ᠳᠡᠪᠰᠢᠭᠦᠯᠪᠡ᠃     ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠤᠷᠢᠶᠠᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠲᠡᠰᠪᠦᠷᠢ ᠬᠠᠲᠠᠭᠤᠵᠢᠯᠲᠠᠢ ᠲᠡᠮᠡᠴᠡᠬᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠰᠢᠨᠲᠠᠷᠠᠰᠢ ᠦᠭᠡᠢ ᠲᠡᠮᠡᠴᠡᠬᠦ ᠢᠷᠠᠭᠤ ᠠᠯᠳᠠᠷᠲᠤ ᠤᠯᠠᠮᠵᠢᠯᠠᠯ ᠤᠨ ᠰᠠᠨᠠᠭᠠᠴᠢᠯᠠᠭ᠎ᠠ ᠪᠣᠯᠣᠨ᠎ᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠤᠨ ᠢᠷᠡᠭᠡᠳᠦᠢ᠂ ᠦᠨᠳᠦᠰᠦᠲᠡᠨ ᠤ ᠬᠤᠪᠢ ᠵᠠᠶᠠᠭ᠎ᠠ ᠪᠣᠯᠣᠨ ᠬᠤᠪᠢ ᠬᠥᠮᠥᠨ ᠤ ᠪᠤᠶᠢᠵᠢᠯᠲᠠ ᠬᠥᠭᠵᠢᠯᠲᠡ ᠲᠠᠢ ᠪᠠᠨ ᠨᠢᠭᠲᠠ ᠤᠶᠠᠯᠳᠤᠭᠤᠯᠵᠤ᠂ ᠡᠵᠡᠨ ᠬᠥᠮᠥᠨ ᠤ ᠤᠬᠠᠮᠰᠠᠷ ᠢ ᠪᠠᠲᠤ ᠪᠤᠢ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭᠠᠨ ᠤ ᠦᠨᠡᠨᠴᠢ ᠵᠠᠯᠭᠠᠮᠵᠢᠯᠠᠭᠴᠢ ᠪᠠ ᠡᠷᠡᠰ ᠪᠠᠲᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠢ ᠤᠶᠠᠯᠳᠤᠭᠤᠯᠵᠤ᠂ ᠳᠡᠷᠭᠡᠳᠡᠬᠢ ᠦᠯᠢᠭᠡᠷ ᠳᠠᠭᠤᠷᠢᠶᠠᠯ ᠤᠨ  ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠵᠣᠷᠢᠭᠲᠠᠢ ᠪᠠᠷ ᠠᠵᠢᠯᠯᠠᠵᠤ ᠵᠣᠷᠢᠭᠲᠠᠢ ᠪᠠᠷ ᠲᠡᠮᠡᠴᠡᠬᠦ ᠵᠠᠩ ᠴᠢᠨᠠᠷ ᠪᠣᠯᠣᠨ ᠬᠠᠷᠠᠮ ᠦᠭᠡᠢ ᠵᠣᠷᠢᠭᠤᠯᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠰᠤᠷᠤᠯᠴᠠᠬᠤ ᠶᠢᠨ ᠬᠠᠮᠲᠤ ᠲᠡᠭᠦᠨ ᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃     ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠤᠬᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠠᠭᠤᠰᠤᠯᠴᠠᠭᠤᠯᠤᠨ ᠨᠠᠪᠲᠠᠷᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠶᠠᠪᠤᠴᠠ ᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠠᠨᠠᠭᠠᠴᠢᠯᠠᠭᠰᠠᠨ ᠬᠦᠰᠡᠯᠡᠩ ᠢᠲᠡᠭᠡᠯ ᠪᠢᠰᠢᠷᠡᠯ᠂ ᠦᠷᠳᠡᠭ ᠤᠨ ᠣᠶᠢᠯᠠᠭᠠᠭᠳᠠᠬᠤᠨ ᠢ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠣᠯᠣᠨ ᠤᠶᠤᠨ ᠰᠠᠨᠠᠭᠠᠨ ᠳᠤ ᠭᠦᠨ ᠰᠠᠭᠤᠭᠳᠠᠭᠤᠯᠬᠤ ᠬᠡᠷᠡᠭᠲᠡᠢ᠃ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠴᠢᠶᠠᠯᠠᠪᠤᠷᠢ ᠶᠢᠨ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ᠂ ᠥᠪᠡᠷᠮᠢᠴᠡ ᠣᠨᠴᠠᠯᠢᠭ ᠲᠠᠢ᠂ ᠰᠦᠷ ᠬᠦᠴᠦᠨ ᠲᠠᠢ᠂ ᠨᠥᠯᠥᠭᠡ ᠶᠡᠭᠡ ᠲᠠᠢ ᠮᠣᠩᠭᠤᠯ ᠮᠣᠷᠢᠨ ᠤ ᠵᠣᠷᠢᠭ ᠰᠠᠨᠠᠭ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠶᠡᠬᠡᠪᠡᠷ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠳᠤ ᠨᠠᠩ ᠭᠦᠢᠴᠡᠳ ᠣᠶᠤᠨ ᠰᠠᠨᠠᠭᠠᠨ ᠤ ᠰᠢᠮ᠎ᠡ ᠲᠡᠵᠢᠭᠡᠯ ᠬᠠᠩᠭᠠᠬᠤ ᠬᠡᠷᠡᠭᠲᠡᠢ ᠭᠡᠪᠡ᠃     ᠱᠣᠣ ᠶᠠᠨ ᠵᠢᠶᠦ᠋ᠨ ᠱᠠᠭᠠᠷᠳᠠᠭᠰᠠᠨ ᠨᠢ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠂ ᠡᠯ᠎ᠡ ᠭᠠᠵᠠᠷ ᠤᠨ ᠳᠡᠰ ᠤᠨ ᠤᠳᠤᠷᠢᠳᠤᠯᠭ᠎ᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠶᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠠᠭᠤᠰᠬᠠᠵᠤ᠂ ᠥᠭᠡᠷᠡᠴᠢᠯᠡᠯᠲᠡ ᠬᠥᠭᠵᠢᠯᠲᠡ ᠶᠢᠨ ᠡᠯ᠎ᠡ ᠭᠤᠭᠴᠤᠭ᠎ᠠ ᠳᠤ ᠲᠤᠤᠱᠯᠠᠭᠤᠯᠵᠤ᠂ ᠨᠠᠷᠢᠨ ᠵᠦᠢᠯᠡᠰ ᠠᠴᠠ ᠭᠠᠷᠳᠠᠵᠦ᠂ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠵᠦ᠂ ᠨᠢᠭᠡᠨᠲᠡ ᠪᠠᠶᠢᠭ᠎ᠠ ᠣᠨᠴᠠᠯᠢᠭ ᠪᠣᠯᠣᠨ ᠳᠠᠪᠠᠭᠤᠯᠢᠭ ᠢᠶᠠᠨ ᠪᠠᠲᠤᠳᠬᠠᠬᠤ ᠬᠡᠷᠡᠭᠲᠡᠢ ᠮᠥᠷᠲᠡᠭᠡᠨ ᠪᠠᠰᠠ ᠶᠡᠭᠡ ᠬᠦᠴᠦ ᠣᠷᠣᠭᠤᠯᠵᠤ ᠪᠠᠶᠢᠭᠠᠳ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠣᠲᠠᠭᠳᠠᠯ ᠢᠶᠠᠨ ᠨᠥᠬᠦᠪᠦᠷᠢᠯᠡᠵᠦ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠬᠦ ᠬᠦᠴᠦᠨ᠂ ᠰᠢᠨ᠎ᠡ ᠨᠡᠮᠡᠭᠳᠡᠯ ᠤᠨ ᠲᠤᠶᠢᠯ ᠢ ᠶᠡᠬᠡᠪᠡᠷ ᠪᠣᠶᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ᠬᠤᠶᠠᠷ ᠶᠡᠭᠡ ᠶᠠᠪᠤᠳᠠᠯ︾  ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠷᠣᠳ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号