| 10 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠪᠥᠬᠦ ᠬᠤᠰᠢᠭᠤᠨ ᠤ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ ᠂ ᠬᠤᠷᠠᠯ ᠳᠡᠭᠡᠷ᠎ᠡ | 9 ᠰᠠᠷ᠎ᠠ ᠶᠢᠨ 26 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠪᠠ ᠥᠪᠡᠷᠲᠡᠭᠡᠨ | ᠵᠠᠰᠠᠬᠤ ᠣᠷᠣᠨ᠂ ᠲᠦᠩᠯᠢᠶᠣᠤ ᠬᠤᠲᠠ ᠶᠢᠨ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠪᠠ ᠳᠣᠲᠠᠭᠳᠠᠯ ᠢᠶᠠᠨ ᠭᠦᠨᠵᠡᠭᠡᠶ | ᠵᠠᠳᠠᠯᠤᠨ ᠰᠢᠨᠵᠢᠯᠡᠵᠦ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠠᠳᠠᠯᠵᠤ᠂ ᠳᠥᠷᠪᠡᠳᠦᠭᠡᠷ ᠤᠯᠠᠷᠢᠯ ᠤᠨ ᠠᠵᠤ | ᠠᠬᠤᠶ ᠶᠢᠨ ᠠᠵᠢᠯ ᠢ ᠲᠣᠬᠢᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠬᠢᠨ ᠢ ᠳᠠᠶᠢᠴᠢᠯᠠᠨ | ᠦᠵᠡᠯ ᠰᠠᠨᠠᠭᠠᠨ ᠤ ᠬᠥᠪᠴᠢ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠡᠷᠴᠢ ᠵᠣᠷᠢᠭ ᠢᠶᠠᠨ | ᠬᠥᠪᠴᠢᠯᠡᠵᠦ᠂ ᠨᠠᠶᠢᠳᠠᠪᠤᠷᠢᠵᠢᠭᠤᠯᠬᠤ ᠠᠯᠬᠤᠴᠠ ᠪᠠᠨ ᠲᠦᠷᠭᠡᠳᠬᠡᠵᠦ᠂ ᠪᠣᠭᠤᠮᠲᠠ ᠰᠢᠪᠲᠤᠯᠬᠤ ᠳᠥᠷᠪᠡᠳᠦᠭᠡᠷ | ᠤᠯᠠᠷᠢᠯ ᠳᠤ ᠬᠦᠴᠦᠯᠡᠨ ᠴᠢᠷᠮᠠᠶᠢᠵᠤ᠂ ᠣᠨ ᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ | ᠪᠠᠲᠣᠯᠠᠬᠤ ᠬᠡᠷᠡᠭᠲᠡᠢ ᠭᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠡᠷᠬᠢᠯᠡᠵᠦ | ᠶᠠᠷᠢᠶ᠎ᠠ ᠲᠠᠯᠪᠢᠪᠠ᠂ ᠪᠠᠲᠤ᠂ ᠡᠦ ᠴᠢᠩ ᠬᠠᠢ᠂ ᠯᠢᠦ ᠶᠦᠩ᠂ ᠶᠠᠩ ᠽᠢ ᠴᠢᠶᠠᠩ ᠵᠡᠷᠭᠡ ᠤᠳᠤᠷᠢᠳᠤᠯᠭ᠎ᠠ ᠬᠤᠷᠠᠯ ᠳᠤ | ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠬᠤᠰᠢᠭᠤᠨ ᠤ ᠰᠢᠭᠤᠳ ᠬᠠᠷᠢᠶ᠎ᠠ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠲᠦᠷᠦᠭᠦᠦ ᠭᠤᠷᠪᠠᠨ ᠤᠯᠠᠷᠢᠯ ᠳᠤ ᠪᠦᠬᠦ ᠬᠤᠰᠢᠭᠤᠨ ᠤ ᠠᠵᠤ | ᠠᠬᠤᠢ ᠶᠢᠨ ᠠᠵᠢᠯᠯᠠᠭᠠᠨ ᠳᠤ ᠢᠳᠡᠪᠬᠢᠲᠡᠢ ᠬᠤᠪᠢᠷᠠᠯᠲᠠ ᠭᠠᠷᠤᠭᠰᠠᠨ ᠪᠣᠯᠪᠠᠴᠤ ᠪᠠᠰᠠ ᠴᠥᠭᠡᠨ ᠪᠤᠰᠤ ᠬᠦᠴᠢᠷ | ᠠᠰᠠᠭᠤᠳᠠᠯ ᠣᠷᠣᠰᠢᠵᠤ ᠪᠠᠶᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠲᠥᠪ ᠤᠨ ᠤᠯᠤᠰ | ᠲᠦᠷᠦ ᠶᠢᠨ ᠲᠣᠪᠴᠢᠶᠠᠨ ᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠳᠠ ᠶᠢᠨ 2024 | ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠠᠵᠢᠯᠯᠠᠭ᠎ᠠ ᠪᠠᠨ ᠲᠦᠷᠭᠡᠳᠬᠡᠵᠦ᠂ ᠭᠦᠢᠴᠡᠳ ᠬᠦᠴᠦᠯᠡᠵᠦ᠂ ᠬᠠᠷᠠᠯᠲᠠ ᠲᠠᠢ ᠪᠠᠷ | ᠠᠷᠭ᠎ᠠ ᠪᠤᠳᠤᠯᠭ᠎ᠠ ᠪᠣᠯᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ︽ᠲᠠᠪᠤᠨ ᠶᠡᠭᠡ ᠡᠭᠦᠷᠭᠡ︾ ᠶᠢᠨ ᠦᠷ᠎ᠡ | ᠪᠦᠲᠦᠮᠵᠢ ᠶᠢ ᠦᠨᠡᠨᠬᠦ ᠪᠠᠲᠤᠯᠠᠵᠤ᠂ ︽ᠵᠢᠷᠭᠤᠭᠠᠨ ᠢᠨᠵᠧᠨᠧᠷᠢᠩ︾ ᠤᠨ ᠣᠨ ᠤ ᠲᠡᠭᠦᠰᠬᠡᠯ ᠤᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠥᠭᠡᠷᠡᠴᠢᠯᠡᠯᠲᠡ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ | ᠠᠵᠢᠯᠭᠠᠨ ᠢ ᠲᠣᠭᠲᠠᠭᠤᠨ ᠪᠠᠶᠢᠯᠭᠠᠵᠤ᠂ ᠳᠥᠷᠪᠡᠳᠦᠭᠡᠷ ᠤᠯᠠᠷᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠲᠣᠭᠲᠠᠪᠤᠷᠢᠵᠢᠭᠤᠯᠵᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠵᠢᠭᠦᠯᠵᠦ᠂ ᠪᠦᠬᠦ | ᠬᠦᠴᠦᠨ ᠢᠶᠠᠷ ᠢᠶᠠᠨ ᠡᠯ᠎ᠡ ᠵᠦᠢᠯ ᠤᠨ ᠡᠭᠦᠷᠭᠡ ᠶᠢ ᠤᠷᠤᠭᠰᠢ ᠠᠬᠢᠭᠤᠯᠵᠤ᠂ ᠲᠦᠷᠭᠡᠨ ᠤᠷᠤᠭᠰᠢᠯᠠᠵᠤ᠂ | ᠵᠠᠷᠤᠳ ᠤᠨ ᠭᠦᠢᠴᠡᠨ ᠳᠠᠪᠠᠵᠤ ᠭᠠᠷᠬᠤ ᠬᠤᠷᠳᠤᠴᠠ ᠶᠢ ᠲᠦᠷᠭᠡᠳᠬᠡᠬᠦ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠡᠯ᠎ᠡ ᠭᠠᠵᠠᠷ ᠤᠨ ᠲᠡᠰ ᠤᠨ ᠤᠳᠤᠷᠢᠳᠤᠯᠭ᠎ᠠ ᠲᠦᠷᠦᠯ ᠵᠦᠢᠯ ᠢ | ᠠᠳᠬᠤᠬᠤ᠂ ᠪᠡᠯᠡ ᠣᠷᠣᠭᠤᠯᠤᠯᠲᠠ ᠶᠢ ᠠᠬᠢᠭᠤᠯᠬᠤ ᠶᠢ ᠣᠳᠣᠬᠠᠨ ᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ | ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠡᠴᠦᠰ ᠤᠨ ᠪᠠᠷᠢᠯᠭ᠎ᠠ ᠶᠢᠨ | ᠬᠤᠭᠤᠴᠠᠭ᠎ᠠ ᠶᠢ ᠠᠮᠵᠢᠨ ᠠᠬᠢᠴᠠ ᠪᠠᠨ ᠲᠦᠷᠭᠡᠳᠬᠡᠵᠦ᠂ ᠡᠭᠦᠷᠭᠡ ᠪᠠᠨ ᠪᠣᠲᠠᠲᠠᠶᠢᠵᠢᠭᠤᠯᠵᠤ᠂ ᠪᠠᠷᠢᠯᠭ᠎ᠠ ᠶᠢᠨ ᠠᠮᠤᠷ | ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠡᠪᠦᠯ ᠤᠨ ᠤᠯᠠᠷᠢᠯ ᠤᠨ ᠪᠠᠷᠢᠯᠭ᠎ᠠ ᠶᠢᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠲᠦᠷᠭᠡᠨ ᠬᠢᠵᠦ ᠳᠡᠶᠢᠯᠪᠡᠯ ᠲᠦᠷᠭᠡᠨ ᠬᠢᠵᠦ᠂ ᠬᠢᠵᠦ | ᠠᠮᠵᠢᠪᠠᠯ ᠵᠠᠪᠳᠤᠨ ᠬᠢᠬᠦ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠨᠡ ᠡᠪᠦᠯ ᠢᠷᠡᠬᠦ ᠬᠠᠪᠤᠷ ᠤᠨ ᠪᠦᠲᠦᠮᠵᠢᠲᠡᠢ | ᠴᠠᠭ ᠢ ᠭᠦᠢᠴᠡᠳ ᠠᠰᠢᠭᠯᠠᠵᠤ ᠰᠠᠶᠢᠲᠤᠷ ᠠᠰᠢᠭᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠭᠦᠢᠴᠡᠳᠭᠡᠬᠦ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ᠵᠠᠮ᠂ ᠲᠣᠣᠷ᠂ ᠬᠡᠶ᠂ | ᠤᠰᠤ ᠵᠡᠷᠭᠡ ᠪᠣᠭᠤᠮᠢ ᠶᠢᠨ ᠠᠰᠠᠭᠤᠳᠠᠯ ᠢ ᠲᠤᠪᠤᠶᠢᠮ᠎ᠠ ᠰᠠᠶᠢᠲᠤᠷ ᠰᠢᠢᠳᠪᠦᠷᠢᠯᠡᠵᠦ᠂ ᠪᠡᠯᠡ ᠣᠷᠣᠭᠤᠯᠤᠭᠴᠢᠳ ᠤᠨ | ᠢᠲᠡᠭᠡᠯ ᠵᠣᠷᠢᠭ ᠵᠢᠴᠢ ᠪᠡᠯᠡ ᠣᠷᠣᠭᠤᠯᠤᠯᠲᠠ ᠶᠢᠨ ᠵᠢᠱᠢᠯᠲᠡ ᠶᠢ ᠣᠯᠠᠮ ᠨᠢᠭᠡ ᠠᠯᠬᠤᠮ ᠴᠢᠩᠭᠠᠳᠬᠠᠵᠤ᠂ ᠢᠷᠡᠬᠦ | ᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠠᠶᠢᠨ ᠡᠬᠢᠯᠡᠯᠲᠡ ᠲᠠᠢ ᠪᠣᠯᠬᠤ ᠶᠢ ᠡᠷᠬᠡᠪᠰᠢ | ᠪᠠᠲᠤᠯᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠪᠠᠬᠢᠵᠢᠭᠦᠯᠦᠨ | ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠢᠶᠠᠨ ᠦᠷᠭᠦᠯᠵᠢᠯᠡᠨ ᠰᠠᠶᠢᠵᠢᠷᠠᠭᠤᠯᠵᠤ᠂ | ᠦᠢᠯᠡᠴᠢᠯᠡᠭᠡᠨ ᠤ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠵᠠᠬ᠎ᠠ | ᠳᠡᠯᠭᠡᠭᠦᠷ ᠤᠨ ᠬᠢᠨᠠᠯᠲᠠ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠵᠡᠷᠭᠡ ᠢᠵᠢ ᠪᠦᠷᠢᠳᠦᠭᠰᠡᠨ | ᠦᠢᠯᠡᠴᠢᠯᠡᠭᠡᠨ ᠤ ᠲᠦᠪᠰᠢᠨ ᠢ ᠵᠡᠷᠭᠡᠪᠡᠷ ᠳᠡᠭᠡᠭᠰᠢᠯᠡᠭᠦᠯᠵᠦ᠂ ︽ᠶᠠᠪᠤᠳᠠᠯ ᠪᠦᠬᠦᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠳᠤ ᠬᠤᠯᠪᠣᠭᠳᠠᠬᠤ᠂ ᠭᠠᠵᠠᠷ ᠪᠣᠯᠭᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠬᠤᠯᠪᠣᠭᠲᠠᠬᠤ︾ | ᠠᠵᠢᠯ ᠤᠨ ᠪᠠᠶᠢᠷᠢᠰᠢᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠦᠨ | ᠨᠥᠭᠡᠴᠡᠯᠡᠬᠦ ᠶᠢ ᠭᠦᠨᠵᠡᠭᠡᠢ ᠥᠷᠨᠢᠭᠦᠯᠵᠦ᠂ ᠳᠡᠭᠡᠳᠦ ᠱᠠᠲᠤᠨ ᠤ ᠨᠡᠶᠢᠲᠡᠯᠡᠭᠰᠡᠨ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢ ᠨᠡᠪᠲᠡᠷᠬᠡᠢ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯ ᠠᠴᠠ ᠳᠤᠷᠠᠳᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠤᠶᠠᠯᠳᠤᠭᠤᠯᠵᠤ᠂ ᠨᠢᠭᠡ ᠪᠦᠯᠦᠭ ᠦᠷ᠎ᠡ | ᠠᠰᠢᠭ ᠢᠶᠠᠷ ᠥᠨᠳᠥᠷ᠂ ᠬᠡᠪᠴᠢᠶ᠎ᠡ ᠪᠠᠷ ᠶᠡᠭᠡ᠂ ᠦᠷᠢᠰᠦᠯᠳᠦᠬᠦ ᠬᠦᠴᠦᠨ ᠢᠶᠠᠷ ᠴᠢᠩᠭ᠎ᠠ ᠲᠦᠷᠦᠯ ᠵᠦᠢᠯ ᠢ | ᠲᠥᠰᠦᠪᠯᠡᠨ ᠪᠣᠭᠤᠳᠠᠯᠯᠠᠵᠤ᠂ ᠪᠡᠯᠡ ᠮᠥᠩᠭᠦ ᠲᠡᠮᠡᠴᠡᠨ ᠲᠦᠷᠦᠯ ᠵᠦᠢᠯ ᠲᠣᠭᠲᠠᠭᠠᠬᠤ ᠶᠡᠷᠦᠩᠬᠡᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠬᠦ ᠶᠢ ᠪᠠᠲᠤᠯᠠᠵᠤ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ | ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠠᠩᠬᠢ ᠯᠤᠭ᠎ᠠ ᠬᠠᠷᠢᠯᠴᠠᠵᠤ᠂ ᠮᠥᠩᠭᠦᠨ ᠭᠦᠢᠯᠭᠡᠭᠡᠨ ᠤ | ᠰᠡᠳᠬᠢᠬᠦᠢ ᠪᠠ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠵᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠮᠥᠩᠭᠦ ᠶᠢᠨ ᠳᠠᠪᠠᠭᠤᠯᠢᠭ ᠢ ᠪᠠᠳᠠᠷᠠᠭᠤᠯᠵᠤ᠂ ᠮᠥᠩᠭᠦᠨ | ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠣᠭᠠᠴᠢᠨ ᠤᠷᠢᠵᠤ ᠪᠡᠯᠡ ᠲᠠᠲᠠᠬᠤ ᠶᠢ ᠥᠨᠳᠥᠷ | ᠪᠠᠶᠢᠷᠢᠨ ᠳᠤ ᠲᠠᠯᠪᠢᠵᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠦᠷᠭᠦᠯᠵᠢᠯᠡᠨ ᠨᠠᠷᠢᠯᠢᠭ ᠡᠳ᠋ᠰᠢᠭᠦᠯᠬᠦ ᠲᠦᠷᠦᠯ | ᠵᠦᠢᠯ ᠢ ᠣᠷᠣᠭᠤᠯᠤᠨ ᠠᠪᠴᠢᠷᠠᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠬᠢᠮᠢ ᠶᠢᠨ ᠠᠵᠤ | ᠦᠢᠯᠡᠳᠪᠦᠷᠢ᠂ ᠪᠠᠯ ᠴᠢᠯᠠᠭᠤ ᠶᠢ ᠨᠠᠷᠢᠯᠢᠭ ᠡᠳ᠋ᠰᠢᠭᠦᠯᠬᠦ ᠵᠡᠷᠭᠡ ᠲᠦᠷᠦᠯ ᠵᠦᠢᠯ ᠢ ᠲᠥᠯᠥᠪᠵᠢᠭᠦᠯᠬᠦ ᠪᠠ ᠣᠷᠣᠭᠤᠯᠤᠨ | ᠠᠪᠴᠢᠷᠠᠵᠤ᠂ ᠡᠬᠢ ᠪᠠᠶᠠᠯᠢᠭ ᠢ ᠲᠥᠪᠯᠡᠷᠡᠭᠦᠯᠦᠨ ᠨᠡᠭᠡᠭᠡᠨ ᠬᠥᠭᠵᠢᠭᠦᠯᠬᠦ᠂ ᠥᠨᠳᠥᠷ ᠪᠦᠲᠦᠮᠵᠢᠲᠡᠢ ᠡᠷᠴᠢᠮᠵᠢᠭᠦᠯᠦᠨ | ᠠᠰᠢᠭᠯᠠᠬᠤ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠲᠣᠬᠢᠷᠠᠭᠤᠯᠬᠤ ᠶᠢ | ᠰᠠᠶᠢᠲᠤᠷ ᠠᠳᠬᠤᠵᠤ᠂ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠬᠢᠨᠠᠨ ᠬᠡᠮᠵᠢᠵᠦ ᠲᠣᠬᠢᠷᠠᠭᠤᠯᠬᠤ | ᠲᠣᠭᠲᠠᠴᠠ ᠶᠢ ᠬᠢᠨᠠᠮᠠᠭᠠᠶ ᠬᠡᠷᠡᠭᠵᠢᠭᠦᠯᠵᠦ᠂ ᠬᠦᠴᠢᠷᠳᠡᠯ ᠢ ᠰᠢᠢᠳᠪᠦᠷᠢᠯᠡᠬᠦ ᠠᠵᠢᠯ ᠤᠨ ᠡᠷᠴᠢᠮ ᠢᠶᠠᠨ | ᠴᠢᠩᠭᠠᠷᠠᠭᠤᠯᠵᠤ᠂ ᠨᠢᠭᠡ ᠪᠦᠯᠦᠭ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠨ ᠰᠢᠨ᠎ᠡ ᠴᠡᠭ ᠢ | ᠲᠦᠷᠭᠡᠬᠡᠨ ᠪᠤᠢ ᠪᠣᠯᠭᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠦᠷᠢᠳᠬᠡᠵᠦ᠂ ᠲᠥᠷᠥᠯ ᠵᠦᠢᠯ ᠨᠥᠭᠡᠴᠡᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠬᠥᠮᠥᠷᠭᠡ ᠶᠢ ᠬᠥᠳᠡᠯᠦᠩᠭᠦᠶ ᠪᠠᠷ ᠲᠣᠬᠢᠷᠠᠭᠤᠯᠵᠤ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠬᠦ | ᠠᠵᠢᠯ ᠢ ᠡᠷᠲᠡᠬᠡᠨ ᠥᠷᠨᠢᠭᠦᠯᠵᠦ᠂ ᠡᠷᠬᠡᠪᠰᠢ ︽801︾ ᠠᠭᠤᠷᠬᠠᠶ ᠵᠡᠷᠭᠡ ᠴᠢᠬᠤᠯᠠ ᠶᠡᠭᠡ ᠲᠥᠷᠥᠯ ᠵᠦᠢᠯ ᠢ | ᠤᠯᠤᠰ ᠤᠨ ︽ᠶᠡᠭᠡ ᠲᠠᠪᠠᠭ︾ ᠳᠤ ᠣᠷᠣᠭᠤᠯᠬᠤ ᠶᠢ ᠪᠠᠲᠤᠯᠠᠬᠤ ᠬᠡᠷᠡᠭᠲᠡᠶ ᠭᠡᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠵᠢᠯ ᠤᠨ ᠠᠵᠢᠯ ᠳᠠᠭᠤᠰᠬᠤ ᠭᠡᠵᠦ ᠪᠠᠶᠢᠨ᠎ᠠ᠂ ᠡᠯ᠎ᠡ | ᠭᠠᠵᠠᠷ ᠤᠨ ᠲᠡᠰ ᠤᠨ ᠤᠳᠤᠷᠢᠳᠬᠤ ᠺᠠᠳ᠋ᠷ ᠡᠷᠬᠡᠪᠰᠢ ᠭᠤᠣᠯᠳᠠᠯᠭ᠎ᠠ ᠶᠢ ᠲᠤᠪᠤᠶᠢᠯᠭᠠᠨ᠂ ᠵᠠᠩᠭᠢᠯᠠᠭ᠎ᠠ ᠶᠢ ᠠᠳᠬᠤᠵᠤ᠂ | ᠣᠶᠤᠨ ᠴᠢᠳᠠᠯ ᠢᠶᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠵᠢᠷᠭᠤᠭᠠᠨ ᠢᠨᠵᠧᠨᠧᠷᠢᠩ ᠤᠨ ᠡᠯ᠎ᠡ ᠵᠦᠢᠯ ᠤᠨ | ᠪᠠᠷᠢᠮᠵᠢᠶ᠎ᠠ ᠶᠢ ᠲᠣᠭᠲᠠᠭᠠᠬᠤ᠂ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠳᠡᠭᠡᠷ᠎ᠡ ᠲᠠᠯᠪᠢᠬᠤ ᠶᠢ | ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ | ᠡᠭᠦᠷᠭᠡ ᠪᠠᠨ ᠡᠷᠬᠡᠪᠰᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠬᠢᠨ | ᠢᠲᠡᠭᠡᠯ ᠵᠣᠷᠢᠭ ᠢᠶᠠᠨ ᠪᠠᠲᠤᠳᠬᠠᠵᠤ᠂ ᠪᠥᠬᠦ ᠬᠤᠰᠢᠭᠤᠨ ᠤ ᠣᠲᠣ ᠶᠢᠨ ᠳᠠᠪᠠᠭᠤᠯᠢᠭ ᠡᠬᠢ ᠪᠠᠶᠠᠯᠢᠭ ᠪᠠ ᠠᠵᠤ | ᠦᠢᠯᠡᠰ ᠤᠨ ᠰᠠᠭᠤᠷᠢ ᠶᠢᠨ ᠳᠠᠪᠠᠭᠤᠯᠢᠭ ᠨᠥᠬᠦᠴᠡᠯ ᠢ ᠭᠦᠢᠴᠡᠳ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ | ᠡᠭᠦᠷᠭᠡᠯᠡᠨ᠂ ᠵᠣᠷᠢᠭᠲᠠᠶ ᠪᠠᠷ ᠤᠷᠤᠭᠰᠢᠯᠠᠨ ᠳᠠᠪᠰᠢᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ | ᠪᠦᠯᠬᠦᠮᠳᠡᠨ ᠬᠠᠮᠵᠢᠯᠴᠠᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠥᠬᠦ ᠬᠤᠰᠢᠭᠤᠨ ᠤ ᠠᠵᠤ ᠠᠬᠤᠶ ᠶᠢᠨ | ᠶᠡᠷᠦᠩᠬᠡᠶ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠬᠦ ᠪᠠ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠬᠡᠷᠡᠭᠲᠡᠶ ᠭᠡᠪᠡ᠃ | ᠬᠤᠷᠠᠯ ᠠᠴᠠ ᠪᠠᠰᠠ ᠪᠦᠬᠦ ᠬᠤᠰᠢᠭᠤᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ᠂ | ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠷᠠᠯ ᠳᠤ ᠣᠷᠣᠯᠴᠠᠭᠰᠠᠨ ᠤᠳᠤᠷᠢᠳᠤᠯᠭ᠎ᠠ | ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷ᠎ᠠ ᠶᠢᠨ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃ |