ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠦᠨᠡᠯᠡᠨ ᠪᠠᠶᠢᠴᠠᠭᠠᠬᠤ ᠳᠤᠭᠤᠶᠢᠯᠠᠩ ᠬᠢᠨ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ  ᠢᠷᠡᠵᠦ ᠦᠨᠳᠦᠰᠦᠨ ᠱᠠᠲᠤᠨ ᠤ ᠰᠠᠭᠤᠷᠢ ᠠᠵᠢᠯ ᠤᠨ ︽ᠶᠡᠬᠡᠪᠡᠷ ᠦᠨᠡᠯᠡᠨ ᠪᠠᠶᠢᠴᠠᠭᠠᠬᠤ᠂ ᠶᠡᠬᠡᠪᠡᠷ ᠴᠡᠭᠴᠡᠯᠡᠨ ᠰᠠᠶᠢᠵᠢᠷᠠᠭᠤᠯᠬᠤ᠂ ᠶᠡᠬᠡᠪᠡᠷ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠦᠨᠡᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/10/16
    ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠳᠦᠰᠦᠨ ᠱᠠᠲᠤᠨ ᠤ ᠰᠠᠭᠤᠷᠢ ᠠᠵᠢᠯ ᠤᠨ ︿ᠶᠡᠬᠡᠪᠡᠷ ᠦᠨᠡᠯᠡᠨ ᠪᠠᠶᠢᠴᠠᠭᠠᠬᠤ᠂  ᠶᠡᠬᠡᠪᠡᠷ ᠴᠡᠭᠴᠡᠯᠡᠨ ᠰᠠᠶᠢᠵᠢᠷᠠᠭᠤᠯᠬᠤ᠂  ᠶᠡᠬᠡᠪᠡᠷ ᠳᠡᠭᠡᠭᠰᠢᠯᠡᠭᠦᠯᠬᠦ﹀ ᠲᠤᠰᠬᠠᠶ ᠠᠵᠢᠯᠯᠠᠭ᠎ᠠ ᠶᠢᠨ ᠲᠥᠰᠦᠯ︾ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ 10 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠦᠨᠳᠦᠰᠦᠨ ᠱᠠᠲᠤᠨ ᠤ ᠰᠠᠭᠤᠷᠢ ᠠᠵᠢᠯ ᠤᠨ ︽ᠶᠡᠬᠡᠪᠡᠷ ᠦᠨᠠᠯᠠᠨ ᠪᠠᠶᠢᠴᠠᠭᠠᠬᠤ᠂  ᠶᠡᠬᠡᠪᠡᠷ ᠴᠡᠭᠴᠡᠯᠡᠨ ᠰᠠᠶᠢᠵᠢᠷᠠᠭᠤᠯᠬᠤ᠂  ᠶᠡᠬᠡᠪᠡᠷ ᠳᠡᠭᠡᠭᠰᠢᠯᠡᠭᠦᠯᠬᠦ﹀ ᠲᠤᠰᠬᠠᠶ ᠠᠵᠢᠯ ᠤᠨ ᠲᠠᠪᠤᠳᠤᠭᠠᠷ ᠦᠨᠡᠯᠡᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠱᠢ ᠪᠦᠦ ᠶᠢᠨ ᠵᠡᠷᠭᠡ ᠵᠢᠷᠭᠤᠭᠠᠨ ᠬᠦᠮᠦᠰ᠂ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠳᠠᠷᠤᠭ᠎ᠠ ᠳ᠋ᠦᠩ ᠷᠦᠢ ᠡᠤ᠂ ᠲᠣᠭᠲᠠᠭᠤᠨ ᠢ ᠬᠠᠮᠠᠭᠠᠯᠠᠬᠤ ᠰᠠᠯᠪᠤᠷᠢ ᠠᠩᠭᠢ ᠶᠢᠨ ᠳᠠᠷᠤᠭ᠎ᠠ ᠰᠦᠨ ᠯᠢᠶᠠᠩ ᠵᠡᠷᠭᠡ ᠳᠥᠷᠪᠡᠨ ᠬᠦᠮᠦᠰ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠢᠷᠡᠵᠦ᠂ ᠦᠨᠳᠦᠰᠦᠨ ᠱᠠᠲᠤᠨ ᠤ ᠰᠠᠭᠤᠷᠢ ᠠᠵᠢᠯ ᠤᠨ ︽ᠶᠡᠬᠡᠪᠡᠷ ᠦᠨᠡᠯᠡᠨ ᠪᠠᠶᠢᠴᠠᠭᠠᠬᠤ᠂  ᠶᠡᠬᠡᠪᠡᠷ ᠴᠡᠭᠴᠡᠯᠡᠨ ᠰᠠᠶᠢᠵᠢᠷᠠᠭᠤᠯᠬᠤ᠂ ᠶᠡᠬᠡᠪᠡᠷ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠬᠢᠨᠠᠨ ᠪᠠᠶᠢᠴᠠᠭᠠᠵᠤ ᠰᠢᠯᠭᠠᠨ ᠠᠪᠤᠪᠠ᠃ ᠵᠠᠷᠤᠳ ᠬᠤᠰᠢᠭᠤᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠱᠠᠨ ᠬᠤᠸᠠ ᠴᠢ᠂ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠭᠡᠷᠴᠢᠯᠠᠭᠤ ᠲᠣᠮᠢᠯᠠᠭᠰᠠᠨ ᠰᠠᠯᠪᠤᠷᠢ᠂ ᠭᠡᠷᠴᠢᠯᠠᠭᠤ ᠭᠠᠴᠠᠭ᠎ᠠ ᠶᠢᠨ ᠴᠠᠭᠳᠠᠭᠠᠨ ᠤ ᠶᠠᠪᠤᠳᠠᠯ ᠤᠨ ᠲᠠᠰᠤᠭ᠂ ᠬᠠᠷᠠᠵᠠ ᠭᠠᠴᠠᠭᠠᠨ ᠤ ᠴᠠᠭᠳᠠᠭᠠᠨ ᠤ ᠶᠠᠪᠤᠳᠠᠯ ᠤᠨ ᠲᠠᠰᠤᠭ᠂ ᠯᠦᠪᠸᠢ ᠬᠤᠶᠠᠳᠤᠭᠠᠷ ᠲᠣᠮᠢᠯᠠᠭᠰᠠᠨ ᠰᠠᠯᠪᠤᠷᠢ᠂ ᠰᠤᠷᠭᠠᠨ ᠬᠥᠮᠦᠵᠢᠯ ᠤᠨ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠥᠷᠲᠡᠭᠡ᠂ ᠠᠨᠠᠷ ᠤᠨ ᠦᠷ᠎ᠡ ᠴᠠᠭᠳᠠᠭᠠᠨ ᠤ ᠶᠠᠪᠤᠳᠠᠯ ᠤᠨ ᠲᠠᠰᠤᠭ ᠵᠡᠷᠭᠡ ᠭᠠᠵᠠᠷ ᠢᠶᠠᠷ ᠭᠦᠨᠵᠡᠭᠡᠶᠢᠷᠡᠨ ᠦᠨᠡᠯᠡᠨ ᠪᠠᠶᠢᠴᠠᠭᠠᠬᠤ ᠠᠵᠢᠯ ᠥᠷᠨᠢᠭᠦᠯᠪᠡ ᠃ ᠭᠡᠷᠴᠢᠯᠠᠭᠤ ᠲᠣᠮᠢᠯᠠᠭᠰᠠᠨ ᠰᠠᠯᠪᠤᠷᠢ᠂ ᠯᠦᠪᠸᠢ ᠬᠤᠶᠠᠳᠤᠭᠠᠷ ᠲᠣᠮᠢᠯᠠᠭᠰᠠᠨ ᠰᠠᠯᠪᠤᠷᠢ ᠳᠤ᠂ ᠦᠨᠡᠯᠡᠨ ᠪᠠᠶᠢᠴᠠᠭᠠᠬᠤ ᠳᠤᠭᠤᠶᠢᠯᠠᠩ ᠬᠢᠨ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠬᠦᠴᠦᠨ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢᠨ ᠬᠦᠴᠦᠨ ᠤ ᠡᠵᠡᠯᠡᠬᠦ ᠬᠠᠷᠢᠴᠠᠯ ᠢ ᠨᠠᠷᠢᠨ ᠬᠠᠷᠭᠤᠭᠤᠯᠵᠤ᠂ ᠬᠠᠷᠢᠭᠤ ᠮᠡᠳᠡᠭᠦᠯᠦᠯᠲᠡ ᠰᠣᠨᠣᠰᠬᠤ᠂ ᠡᠬᠡ ᠲᠠᠩᠰᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ︽ᠬᠤᠶᠠᠷ ᠠᠩᠭᠢ ᠨᠢᠭᠡ ᠲᠠᠰᠤᠭ︾ ᠤᠨ ᠴᠠᠭᠳᠠᠭᠠᠨ ᠤ ᠶᠠᠪᠤᠳᠠᠯ ᠤᠨ ᠵᠠᠭᠪᠤᠷ ᠤᠨ ᠠᠵᠢᠯᠯᠠᠭᠠᠨ ᠳᠤ ᠦᠨᠡᠯᠡᠨ ᠪᠠᠶᠢᠴᠠᠭᠠᠬᠤ ᠠᠵᠢᠯ ᠥᠷᠨᠢᠭᠦᠯᠪᠡ᠃ ᠭᠡᠷᠴᠢᠯᠠᠭᠤ ᠭᠠᠴᠠᠭᠠᠨ ᠤ ᠴᠠᠭᠳᠠᠭᠠᠨ ᠤ ᠶᠠᠪᠤᠳᠠᠯ ᠤᠨ ᠲᠠᠰᠤᠭ᠂  ᠬᠠᠷᠠᠵᠠ ᠭᠠᠴᠠᠭᠠᠨ ᠤ ᠴᠠᠭᠳᠠᠭᠠᠨ ᠤ ᠶᠠᠪᠤᠳᠠᠯ ᠤᠨ ᠲᠠᠰᠤᠭ ᠲᠤ᠂ ᠰᠢᠯᠭᠠᠨ ᠪᠠᠶᠢᠴᠠᠭᠠᠬᠤ ᠳᠤᠭᠤᠶᠢᠯᠠᠩ ᠤᠨ ᠬᠢᠨ ᠲᠣᠰᠬᠤᠨ ᠳᠤ ᠰᠠᠭᠤᠭ᠎ᠠ ᠴᠠᠭᠳᠠᠭᠠᠨ ᠤ ᠶᠠᠪᠤᠳᠠᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠲᠣᠰᠬᠤᠨ ᠤ ᠱᠠᠲᠤᠨ ᠤ ᠴᠠᠭᠳᠠᠭᠠᠨ ᠤ ᠶᠠᠪᠤᠳᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠠᠵᠢᠯ ᠤᠨ ᠡᠬᠡ ᠲᠠᠩᠰᠠ ᠶᠢᠨ ᠪᠦᠷᠢᠨ ᠪᠦᠲᠦᠨ ᠪᠠᠶᠢᠬᠤ ᠬᠡᠮᠵᠢᠶ᠎ᠡ ᠶᠢ  ᠠᠬᠤᠢ ᠭᠠᠵᠠᠷ ᠲᠤᠨᠢ ᠪᠠᠶᠢᠴᠠᠭᠠᠨ ᠦᠵᠡᠪᠡ᠃ ᠰᠤᠷᠭᠠᠨ ᠬᠥᠮᠦᠵᠢᠯ ᠤᠨ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠥᠷᠲᠡᠭᠡ᠂ ᠠᠨᠠᠷ ᠤᠨ ᠦᠷ᠎ᠡ ᠶᠢᠨ ᠴᠠᠭᠳᠠᠭᠠᠨ ᠤ ᠶᠠᠪᠤᠳᠠᠯ ᠤᠨ ᠲᠠᠰᠤᠭ ᠲᠤ᠂ ᠪᠠᠶᠢᠴᠠᠭᠠᠬᠤ ᠳᠤᠭᠤᠶᠢᠯᠠᠩ ᠤᠨ ᠬᠢᠨ ᠠᠵᠢᠯᠲᠠᠨ ᠤ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠵᠡᠷᠭᠡ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠵᠢᠯ ᠢ ᠥᠷᠨᠢᠭᠦᠯᠬᠦ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠨᠠᠷᠢᠨ ᠨᠢᠮᠪᠠᠶ ᠪᠠᠶᠢᠴᠠᠭᠠᠵᠤ ᠬᠦᠯᠢᠴᠡᠩᠭᠦᠶ ᠪᠠᠷ ᠵᠢᠯᠣᠭᠤᠳᠪᠠ᠃    ᠦᠨᠡᠯᠡᠨ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠴᠠᠭᠠᠨ ᠦᠵᠡᠬᠦ ᠶᠢᠨ ᠳᠠᠭᠠᠤ ᠬᠠᠪᠰᠤᠷᠤᠨ ᠵᠢᠯᠣᠭᠤᠳᠬᠤ᠂ ᠠᠬᠤᠢ ᠲᠠᠯᠠᠪᠠᠢ ᠳᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠦᠯᠢᠴᠡᠩᠭᠦᠢ ᠪᠠᠷ ᠰᠣᠯᠢᠯᠴᠠᠨ ᠶᠠᠷᠢᠯᠴᠠᠵᠤ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠦᠨᠳᠦᠰᠦᠨ ᠱᠠᠲᠤᠨ ᠤ ᠰᠠᠭᠤᠷᠢ ᠠᠵᠢᠯ ᠤᠨ ︽ᠶᠡᠬᠡᠪᠡᠷ ᠦᠨᠡᠯᠡᠨ ᠪᠠᠶᠢᠴᠠᠭᠠᠬᠤ᠂ ᠶᠡᠬᠡᠪᠡᠷ ᠴᠡᠭᠴᠡᠯᠡᠨ ᠰᠠᠶᠢᠵᠢᠷᠠᠭᠤᠯᠬᠤ᠂ ᠶᠡᠬᠡᠪᠡᠷ ᠳᠡᠭᠡᠭᠰᠢᠯᠡᠭᠦᠯᠬᠦ︾ ᠲᠤᠰᠬᠠᠢ ᠠᠵᠢᠯ ᠢ ᠭᠦᠢᠴᠡᠳ ᠨᠤᠲᠠᠯᠠᠪᠠ᠃ ᠡᠭᠦᠨ ᠤ ᠬᠠᠮᠲᠤ᠂ ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠬᠠᠷᠢᠭᠤ ᠲᠤᠰᠬᠠᠬᠤ ᠪᠠ ᠦᠨᠡᠯᠡᠯᠲᠡ ᠬᠢᠬᠦ ᠶᠢᠨ ᠬᠠᠮᠲᠤ ᠬᠠᠨᠳᠤᠯᠭᠠᠲᠤ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃    ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠨ ᠲᠣᠰ ᠤᠳᠠᠭᠠᠨ ᠤ ᠦᠨᠡᠯᠡᠨ ᠪᠠᠶᠢᠴᠠᠭᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠦᠨᠡᠯᠡᠨ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠶᠢᠨ ᠬᠠᠷᠢᠭᠤ ᠲᠤᠰᠬᠠᠭᠰᠠᠨ ᠰᠠᠨᠠᠯ ᠠᠰᠠᠭᠤᠳᠠᠯ ᠳᠤ ᠴᠢᠭᠯᠡᠭᠦᠯᠦᠨ᠂ ᠨᠠᠷᠢᠨ ᠬᠢᠨᠠᠮᠠᠭᠠᠶ ᠡᠮᠬᠢᠯᠡᠵᠦ᠂ ᠵᠢᠭᠰᠠᠭᠠᠯᠲᠠ ᠶᠣᠰᠣᠭᠠᠷ ᠪᠦᠬᠦᠨ ᠢ  ᠬᠦᠯᠢᠶᠡᠨ ᠠᠪᠴᠤ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠦᠨᠳᠦᠰᠦᠨ ᠱᠠᠲᠤ ᠶᠢ ᠠᠳᠬᠤᠬᠤ᠂ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢ ᠨᠠᠩ ᠬᠦᠴᠦᠲᠡᠶ᠂ ᠣᠯᠠᠨ ᠲᠦᠮᠡᠨ ᠳᠤ ᠦᠢᠯᠡᠴᠢᠯᠡᠬᠦ ᠨᠡᠩ ᠪᠡᠯᠡᠬᠡᠨ ᠪᠣᠯᠵᠤ᠂ ᠰᠠᠭᠤᠷᠢ ᠠᠵᠢᠯ ᠢ ᠨᠠᠩ ᠪᠠᠲᠤ ᠪᠠᠬᠢ ᠪᠣᠯᠭᠠᠬᠤ ᠶᠢ ᠪᠠᠲᠤᠯᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠪᠥᠲᠥᠭᠡᠨ ᠪᠠᠶᠢᠭᠤᠯᠤᠯᠲᠠ ᠵᠢᠴᠢ ᠦᠨᠳᠦᠰᠦᠨ ᠱᠠᠲᠤᠨ ᠤ ᠰᠠᠭᠤᠷᠢ ᠠᠵᠢᠯ ᠤᠨ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号