ᠵᠠᠷᠤᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠨ ᠳᠡᠯᠡᠬᠡᠶ ᠶᠢᠨ ᠠᠮᠤ ᠪᠤᠳᠠᠭᠠᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/17
 10 ᠰᠠᠷ᠎ᠠ ᠶᠢᠨ 16 ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠨ ᠵᠦᠩ ᠬᠤᠸᠠ ᠠᠭᠤᠳᠠᠮ ᠲᠠᠯᠠᠪᠠᠶ ᠳᠤ ᠬᠥᠨᠳᠡᠯᠡᠨ ᠪᠢᠴᠢᠭᠡᠰᠦ ᠡᠯᠭᠦᠬᠦ᠂ ᠵᠠᠷᠯᠠᠯ ᠨᠠᠭᠠᠬᠤ᠂ ᠵᠢᠵᠢᠭ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠠᠮᠤ ᠪᠤᠳᠠᠭ᠎ᠠ ᠠᠷᠪᠢᠯᠠᠬᠤ ᠴᠢᠬᠤᠯᠠ ᠠᠴᠢ ᠬᠤᠯᠪᠣᠭᠳᠠᠯ ᠵᠢᠴᠢ ᠠᠮᠤ ᠪᠤᠳᠠᠭ᠎ᠠ ᠲᠣᠰᠣᠨ ᠤ ᠰᠢᠮ᠎ᠡ ᠲᠡᠵᠢᠭᠡᠯ ᠡᠷᠡᠭᠦᠯ ᠮᠡᠨᠳᠦ ᠶᠢᠨ ᠲᠠᠯ᠎ᠠ ᠶᠢᠨ ᠮᠡᠳᠡᠯᠭᠡ ᠰᠢᠨᠵᠢᠯᠡᠬᠦ ᠤᠬᠠᠭᠠᠨ ᠢ ᠲᠦᠬᠡᠮᠡᠯᠵᠢᠭᠦᠯᠪᠡ᠃ ᠡᠭᠦᠨ ᠤ ᠬᠠᠮᠲᠤ᠂ ᠨᠠᠮ ᠵᠠᠰᠠᠭ ᠤᠨ ᠪᠠᠶᠢᠭᠤᠯᠭ᠎ᠠ ᠶᠢᠨ ᠲᠣᠮᠣ ᠠᠰᠠᠷ ᠲᠤ ᠠᠮᠤ ᠪᠤᠳᠠᠭ᠎ᠠ ᠠᠷᠪᠢᠯᠠᠬᠤ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠵᠦ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮ ᠢᠳᠡᠭᠡᠨ ᠤ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠠᠮᠤ ᠪᠤᠳᠠᠭ᠎ᠠ ᠶᠢ ᠠᠷᠪᠢᠯᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号