ᠵᠠᠷᠤᠳ ᠬᠤᠰᠢᠭᠤᠨ ᠤ ᠲᠠᠷᠢᠶᠠᠯᠠᠩ ᠤᠨ ᠬᠦᠷᠢᠶ᠎ᠡ ᠴᠠᠷ᠎ᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠤᠢ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/10/18
       10 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠲᠠᠷᠢᠶᠠᠯᠠᠩ ᠤᠨ ᠬᠦᠷᠢᠶ᠎ᠡ ᠴᠠᠷ᠎ᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠤᠢ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠦᠩ ᠴᠢᠶᠠᠩ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠴᠧᠩ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ᠲᠠᠯᠠᠪᠠᠶ ᠶᠢᠨ ᠭᠤᠤᠯ ᠬᠠᠷᠢᠭᠤᠴᠠᠯᠭᠠᠲᠠᠨ ᠵᠢᠴᠢ ᠭᠤᠤᠯᠳᠠᠯᠭ᠎ᠠ ᠲᠠᠢ ᠲᠥᠷᠥᠯ ᠵᠦᠢᠯ ᠳᠤ ᠬᠤᠯᠪᠣᠭᠳᠠᠭᠰᠠᠨ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃    ᠬᠤᠷᠠᠯ ᠳᠤ ᠣᠷᠣᠯᠴᠠᠭᠰᠠᠳ ᠤᠷᠢᠳ ᠬᠤᠵᠢᠳ ᠯᠦᠪᠸᠢ ᠪᠠᠯᠭᠠᠰᠤᠨ ᠤ ᠰᠢᠶᠤᠤ ᠾᠸᠢ ᠱᠠᠨ ᠲᠣᠰᠬᠤᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ᠂ ᠰᠢᠶᠠᠩᠱᠠᠨ ᠪᠠᠯᠭᠠᠰᠤᠨ ᠤ ᠶᠦᠩ ᠯᠧ ᠲᠣᠰᠬᠤᠨ ᠤ ᠲᠡᠮᠦᠷ ᠤᠨ ᠠᠭᠤᠷᠬᠠᠶ ᠶᠢᠨ ᠭᠤᠤ ᠶᠢᠨ ᠤᠰᠤᠨ ᠠᠰᠢᠭᠯᠠᠯᠲᠠ ᠶᠢᠨ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠦᠶᠡᠷ ᠤᠨ ᠭᠤᠤ ᠶᠢᠨ ᠵᠠᠰᠠᠯᠲᠠ ᠶᠢᠨ ᠣᠷᠣᠨ᠂ ᠯᠦᠪᠸᠢ ᠪᠠᠯᠭᠠᠰᠤᠨ ᠤ ᠭᠦᠩ ᠨᠦᠩ ᠲᠣᠰᠬᠤᠨ ᠤ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠡᠷᠦᠬᠡ᠂ ᠯᠦᠪᠸᠢ ᠪᠠᠯᠭᠠᠰᠤᠨ ᠤ ᠭᠦᠩ ᠨᠦᠩ ᠲᠣᠰᠬᠤᠨ ᠤ ᠤᠰᠤᠨ ᠠᠰᠢᠭᠯᠠᠯᠲᠠ ᠶᠢᠨ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠨᠠᠷᠢᠨ ᠭᠤᠤᠯ ᠤᠨ ᠵᠠᠰᠠᠯᠲᠠ ᠶᠢᠨ ᠣᠷᠣᠨ᠂ ᠦᠯᠵᠡᠶᠢᠮᠦ᠋ᠷᠡᠨ ᠰᠤᠮᠤ ᠶᠢᠨ ᠠᠯᠳᠠᠢ ᠮᠠᠩᠬ᠎ᠠ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠦᠢ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠤᠷᠤᠨ᠂ ᠴᠢᠪᠠᠭᠠᠲᠤ ᠰᠣᠮᠣ ᠶᠢᠨ ᠨᠠᠷᠢᠨ ᠭᠠᠴᠠᠭ᠎ᠠ ᠶᠢᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠯᠬᠢᠨ ᠴᠠᠬᠢᠯᠭᠠᠨ ᠭᠡᠷᠡᠯ ᠴᠡᠨᠡᠭ ᠨᠢᠭᠡ ᠴᠣᠭᠴᠠᠵᠢᠭᠰᠠᠨ ᠵᠠᠰᠠᠯᠲᠠ ᠬᠢᠬᠦ ᠲᠥᠷᠥᠯ ᠵᠦᠢᠯ ᠤᠨ ᠲᠣᠭᠤᠷᠢᠭ᠂ ᠪᠠᠶᠠᠷᠲᠣᠬᠤᠰᠢᠭᠤ ᠪᠠᠯᠭᠠᠰᠤᠨ ᠤ ᠪᠠᠷᠢᠮᠲᠠ ᠭᠠᠴᠠᠭᠠᠨ ᠤ ᠠᠭᠤᠯᠠ ᠤᠰᠤ ᠶᠢᠨ ᠲᠥᠷᠦᠯ ᠵᠦᠢᠯ ᠤᠨ ᠪᠠᠶᠢᠭᠤᠯᠤᠯᠲᠠ ᠶᠢᠨ ᠤᠷᠤᠨ᠂ ᠦᠷᠭᠡᠨᠲᠠᠯ᠎ᠠ ᠲᠠᠷᠢᠶᠠᠯᠠᠩ ᠤᠨ ᠲᠠᠯᠠᠪᠠᠶ ᠶᠢᠨ ᠬᠥᠳᠡᠭᠡ ᠠᠵᠤ ᠠᠬᠤᠶ ᠶᠢᠨ ᠶᠡᠷᠦᠩᠬᠡᠶᠢᠯᠡᠭᠰᠡᠨ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠭ ᠤᠨ ᠠᠬᠤᠢ ᠲᠠᠯᠠᠪᠠᠶ ᠵᠡᠷᠭᠡ ᠭᠠᠵᠠᠷ ᠲᠤ ᠬᠦᠷᠴᠦ᠂ ᠶᠠᠪᠤᠬᠤ ᠶᠢᠨ ᠳᠠᠭᠠᠤ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠠᠷᠭ᠎ᠠ ᠬᠡᠯᠪᠡᠷᠢ ᠪᠠᠷ ᠳᠠᠮᠵᠢᠨ᠂ ᠡᠯ᠎ᠡ ᠲᠦᠷᠥᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠬᠠᠷᠢᠯᠴᠠᠨ ᠰᠤᠷᠤᠯᠴᠠᠨ ᠲᠤᠯᠢᠳᠠᠵᠤ᠂ ᠴᠢᠭᠯᠡᠯ ᠢᠶᠠᠨ ᠲᠤᠳᠣᠷᠬᠠᠶᠢᠯᠠᠵᠤ᠂ ᠠᠷᠭ᠎ᠠ ᠠᠪᠴᠢᠯ ᠢᠶᠠᠨ ᠨᠠᠷᠢᠯᠢᠭᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠪᠡ᠃    17 ᠤ ᠡᠳᠦᠷ ᠬᠢᠭᠰᠡᠨ ᠪᠥᠬᠦ ᠬᠤᠰᠢᠭᠤᠨ ᠤ ᠲᠠᠷᠢᠶᠠᠯᠠᠩ ᠤᠨ ᠬᠦᠷᠢᠶ᠎ᠡ ᠴᠠᠷ᠎ᠠ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠡᠭᠡᠷ᠎ᠡ᠂ ᠯᠦᠪᠸᠢ ᠪᠠᠯᠭᠠᠰᠤ᠂ ᠪᠠᠶᠠᠷᠳᠤᠬᠤᠰᠢᠭᠤ ᠪᠠᠯᠭᠠᠰᠤ᠂ ᠭᠠᠭ᠋ᠠᠶᠢᠲᠤ ᠪᠠᠯᠭᠠᠰᠤ᠂ ᠰᠢᠶᠠᠩᠱᠠᠨ ᠪᠠᠯᠭᠠᠰᠤ᠂ ᠴᠢᠪᠠᠭᠠᠲᠤ ᠰᠤᠮᠤ ᠶᠢᠨ ᠬᠠᠷᠢᠭᠤᠴᠠᠯᠭᠠᠲᠠᠨ ᠠᠴᠠ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠬᠠᠷᠢᠭᠤ ᠮᠡᠳᠡᠭᠦᠯᠪᠡ᠃    ᠼᠦᠢ ᠯᠸᠢ ᠯᠸᠢ ᠵᠢᠭᠠᠪᠣᠷᠢᠯᠠᠭᠰᠠᠨ ᠨᠢ᠂ ᠡᠨᠡ ᠵᠢᠯ ᠠᠴᠠ ᠨᠠᠰᠢ᠂  ᠬᠤᠰᠢᠭᠤ ᠳᠠᠶᠠᠭᠠᠷ ᠢᠶᠠᠷ ᠢᠶᠠᠨ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠢ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ ᠠᠳᠬᠤᠪᠠ᠃ ᠵᠢᠯ ᠤᠨ ᠦᠬᠡᠷ ᠤᠨ ᠲᠤᠭ᠎ᠠ ᠲᠣᠯᠣᠭᠠᠢ ᠶᠢᠨ ᠬᠠᠷᠠᠯᠲᠠ ᠶᠢ ᠳᠠᠪᠠᠭᠤᠯᠤᠨ ᠪᠡᠶᠡᠯᠡᠭᠦᠯᠵᠦ᠂ ᠪᠦᠬᠦ ᠬᠤᠰᠢᠭᠤᠨ ᠤ ᠠᠯᠠᠰᠢᠨ ᠦᠬᠡᠷ ᠲᠡᠵᠢᠭᠡᠬᠦ ᠶᠢ ᠤᠯᠠᠮᠵᠢᠯᠠᠯᠲᠤ ᠲᠤᠭ᠎ᠠ ᠬᠡᠮᠵᠢᠶᠡᠨ ᠤ ᠬᠡᠯᠪᠡᠷᠢ ᠠᠴᠠ ᠶᠠᠰᠤ ᠴᠢᠨᠠᠷ ᠤᠨ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠪᠠ︔ ᠠᠭᠤᠯᠠ ᠤᠰᠤᠨ ᠤ ᠲᠥᠷᠥᠯ ᠵᠦᠢᠯ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠣᠭᠠᠨ ᠤ ᠲᠥᠷᠥᠯ ᠵᠦᠢᠯ᠂ ᠰᠠᠯᠬᠢᠨ ᠴᠠᠬᠢᠯᠭᠠᠨ ᠭᠡᠷᠡᠯ ᠴᠡᠨᠡᠭ ᠪᠠ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠵᠡᠷᠭᠡ ᠴᠢᠬᠤᠯᠠ ᠶᠡᠭᠡ ᠠᠮᠢ ᠠᠬᠤᠢ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ︔ ᠡᠮ ᠤᠨ ᠮᠠᠲ᠋ᠧᠷᠢᠶᠠᠯ ᠤᠨ ᠠᠵᠤ ᠦᠢᠯᠡᠰ᠂ ᠡᠯᠳᠡᠪ ᠠᠮᠤ ᠪᠣᠯᠪᠠᠰᠤᠷᠠᠭᠤᠯᠬᠤ᠂ ᠰᠦ ᠶᠢᠨ ᠠᠵᠤ ᠦᠢᠯᠡᠰ ᠵᠡᠷᠭᠡ ᠣᠨᠴᠠᠯᠢᠭᠲᠤ ᠠᠵᠤ ᠦᠢᠯᠡᠰ ᠢ ᠨᠠᠷᠢᠨ ᠨᠢᠮᠪᠠᠢ ᠪᠤᠶᠢᠵᠢᠭᠤᠯᠵᠤ᠂ ᠬᠡᠪᠴᠢᠶᠡᠵᠢᠭᠦᠯᠬᠦ᠂ ᠡᠷᠴᠢᠮᠵᠢᠭᠦᠯᠬᠦ᠂ ᠨᠡᠷᠡᠲᠦ ᠲᠡᠮᠳᠡᠭᠵᠢᠭᠦᠯᠬᠦ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠦᠷ᠎ᠡ ᠪᠦᠲᠦᠮᠵᠢ ᠶᠢ ᠢᠯᠡᠳᠲᠡ ᠪᠣᠯᠭᠠᠪᠠ︔ ᠨᠡᠶᠢᠭᠡᠮᠴᠢᠯᠡᠭᠰᠡᠨ ᠦᠢᠯᠡᠴᠢᠯᠡᠭᠡ ᠰᠠᠶᠢᠨ ᠡᠬᠢᠯᠡᠯᠲᠡ ᠲᠠᠢ ᠪᠣᠯᠵᠤ᠂ ᠣᠯᠠᠨ ᠲᠦᠮᠡᠨ ᠤ ᠣᠷᠣᠯᠭ᠎ᠠ ᠶᠢ ᠢᠯᠡᠳᠲᠡ ᠳᠡᠭᠡᠭᠰᠢᠯᠡᠭᠦᠯᠪᠡ ᠭᠡᠪᠡ     ᠼᠦᠢ ᠯᠸᠢ ᠯᠸᠢ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮᠤᠷ ᠤᠨ ᠬᠤᠷᠢᠶᠠᠯᠲᠠ ᠶᠢᠨ ᠴᠠᠭ ᠢ ᠵᠠᠪᠳᠤᠨ ᠠᠳᠬᠤᠵᠤ᠂ ᠲᠠᠷᠢᠶᠠᠯᠠᠩ ᠤᠨ ᠮᠠᠰᠢᠨ ᠪᠠᠭᠠᠵᠢ ᠶᠢ ᠤᠷᠢᠳᠴᠢᠯᠠᠨ ᠰᠠᠶᠢᠲᠤᠷ ᠵᠣᠬᠢᠴᠠᠭᠤᠯᠵᠤ᠂ ᠪᠦᠬᠦ ᠬᠤᠰᠢᠭᠤᠨ ᠤ 20 ᠳ᠋ᠦᠩᠰᠢᠭᠤᠷ ᠵᠢᠩ ᠠᠮᠤ ᠪᠤᠳᠠᠭᠠᠨ ᠤ ᠤᠨᠠᠯᠲᠠ ᠶᠢᠨ ᠭᠦᠢᠴᠡᠳᠬᠡᠯ ᠲᠤᠭ᠎ᠠ ᠶᠢ ᠡᠷᠡᠰ ᠪᠡᠶᠡᠯᠡᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠭᠤᠣᠯ ᠴᠣᠭᠴᠠ ᠲᠠᠢ ᠢᠳᠡᠪᠬᠢᠲᠡᠢ ᠵᠣᠯᠭᠠᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠬᠡᠷᠡᠭᠲᠡᠢ︔ ᠡᠨᠡ ᠵᠢᠯ ᠤᠨ ᠬᠠᠪᠤᠷ ᠨᠠᠮᠤᠷ ᠬᠤᠶᠠᠷ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠲᠤᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠷ ᠳᠠᠮᠵᠢᠨ᠂ ᠲᠣᠰ ᠭᠠᠵᠠᠷ ᠣᠷᠣᠨ ᠤ ᠡᠭᠦᠯᠳᠡᠷ ᠢᠶᠠᠨ ᠰᠠᠶᠢᠵᠢᠷᠠᠭᠤᠯᠬᠤ ᠠᠬᠢᠴᠠ ᠶᠢ ᠨᠥᠯᠥᠭᠡᠯᠡᠨ ᠳᠠᠶᠢᠴᠢᠯᠠᠵᠤ᠂ ᠲᠡᠵᠢᠭᠡᠯ ᠪᠤᠷᠳᠤᠭ᠎ᠠ ᠶᠢᠨ ᠰᠠᠭᠤᠷᠢᠨ ᠭᠠᠵᠠᠷ᠂ ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠪᠦᠷᠢ ᠶᠢᠨ ᠲᠠᠯᠠᠪᠠᠶ᠂ ᠡᠪᠡᠰᠦᠨ ᠦᠷ᠎ᠡ ᠶᠢ ᠥᠷᠭᠡᠳᠬᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢ ᠨᠡᠮᠡᠭᠳᠡᠭᠦᠯᠬᠦ ᠬᠡᠷᠡᠭᠲᠡᠶ︔ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠰᠢᠨ᠎ᠡ ᠪᠠᠷ ᠪᠠᠶᠢᠭᠤᠯᠬᠤ ᠨᠢᠲᠤᠯᠬᠤ ᠲᠠᠯᠠᠪᠤᠷ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠦᠬᠡᠷ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠭᠤᠭᠴᠤᠭ᠎ᠠ ᠳᠤ  ᠳᠣᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠪᠦᠬᠦ ᠬᠤᠰᠢᠭᠤᠨ ᠤ ︽ᠠᠯᠠᠰᠢᠨ ᠦᠬᠡᠷ︾ ᠬᠤᠳᠠᠯᠳᠤᠬᠤ ᠠᠴᠠ ︽ᠦᠬᠡᠷ ᠤᠨ ᠮᠢᠬ᠎ᠠ︾ ᠬᠤᠳᠠᠯᠳᠤᠬᠤ ᠲᠡᠰᠢ ᠬᠤᠪᠢᠷᠠᠭᠤᠯᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ︔ ᠨᠠᠮᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠢ ᠱᠠᠯᠠᠪᠳᠠᠨ ᠬᠢᠵᠦ᠂ ᠲᠡᠵᠢᠭᠡᠯ ᠪᠤᠷᠳᠤᠭ᠎ᠠ ᠶᠢᠨ ᠦᠢᠯᠡᠳᠪᠦᠷᠢᠯᠡᠯ ᠢ ᠴᠢᠩᠭᠠᠳᠬᠠᠨ᠂ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠶᠢ ᠴᠢᠩᠭ᠎ᠠ ᠠᠳᠬᠤᠵᠤ᠂ ᠥᠨᠳᠥᠷ ᠪᠦᠲᠦᠮᠵᠢᠲᠡᠢ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃     ᠼᠦᠢ ᠯᠸᠢ ᠯᠸᠢ ᠱᠠᠭᠠᠷᠳᠠᠭᠰᠠᠨ ᠨᠢ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠢᠳᠡᠪᠬᠢᠲᠡᠢ ᠤᠰᠠᠳᠬᠠᠬᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠴᠢᠭᠯᠡᠯᠲᠡ ᠶᠢ ᠪᠠᠷᠢᠮᠲᠠᠯᠠᠵᠤ᠂ ᠬᠦᠨᠳᠦ ᠶᠡᠭᠡ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠢᠨ ᠬᠤᠭᠤᠷᠣᠨᠳᠣ ᠪᠠᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠡᠪᠲᠡᠷᠡᠯᠴᠡᠭᠡ ᠪᠠ ᠵᠣᠯᠭᠠᠯᠴᠠᠭ᠎ᠠ ᠪᠠᠨ ᠴᠢᠩᠭᠠᠳᠬᠠᠨ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠵᠣᠷᠢᠭᠲᠠᠶ ᠪᠠᠷ ᠦᠨᠡᠨ ᠪᠣᠳᠠᠲᠠᠶ ᠠᠵᠢᠯᠯᠠᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠵᠢᠷᠤᠭ  ᠲᠣᠯᠪᠤ ᠶᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠠᠮᠢ ᠠᠬᠤᠶ ᠶᠢᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠲᠥᠷᠥᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠨᠢᠭᠡᠳᠦᠯᠲᠡᠶ ᠲᠥᠯᠥᠪᠯᠡᠨ᠂ ᠲᠥᠷᠦᠯ ᠵᠦᠢᠯ ᠤᠨ ᠭᠠᠵᠠᠷ ᠢ ᠨᠠᠶᠢᠳᠠᠪᠤᠷᠢᠵᠢᠭᠤᠯᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠴᠢᠬᠢ ᠮᠣᠳᠣ ᠶᠢ ᠨᠥᠭᠡᠴᠡᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠬᠠᠤᠯᠢ ᠶᠣᠰᠣᠭᠠᠷ ᠲᠣᠭᠲᠠᠭᠠᠯ  ᠳᠤ ᠨᠡᠶᠢᠴᠡᠬᠦ ᠮᠥᠷᠲᠡᠭᠡᠨ ᠦᠳᠲᠡᠷ ᠲᠦᠷᠭᠡᠨ ᠥᠷᠨᠢᠭᠦᠯᠵᠦ᠂ ᠪᠠᠯᠠ ᠮᠥᠩᠭᠦ ᠶᠢ ᠴᠢᠩᠭ᠎ᠠ ᠬᠠᠮᠢᠶᠠᠷᠴᠤ᠂ ᠲᠥᠷᠥᠯ ᠵᠦᠢᠯ ᠢ ᠳᠠᠷᠦ᠋ᠢᠬᠠᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠰᠤᠨ ᠤ ᠶᠠᠪᠤᠳᠠᠯ ᠤᠨ ᠲᠥᠷᠥᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠭ ᠬᠤᠭᠤᠴᠠᠭ᠎ᠠ ᠶᠢ ᠲᠣᠭᠲᠠᠭᠠᠵᠤ᠂ ᠪᠠᠷᠢᠯᠭ᠎ᠠ ᠶᠢᠨ ᠠᠵᠢᠯ ᠢ ᠨᠢᠭᠲᠠ ᠠᠩᠬᠠᠷᠴᠤ᠂ ᠵᠢᠷᠤᠭ ᠲᠥᠰᠦᠯ ᠢᠶᠠᠷ ᠠᠵᠢᠯᠯᠠᠵᠤ᠂ ᠪᠥᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号