ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ︵2024 ᠣᠨ ᠤ 5 ᠰᠠᠷ᠎ᠠ ︶
ᠨᠡᠶᠢᠲᠡᠯᠡᠭᠰᠡᠨ ᠴᠠᠭ᠄
2024/10/20
    5 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ ᠶᠢ ᠪᠣᠯᠭᠤᠭᠠᠨ ᠲᠣᠬᠤᠨᠢᠭᠤᠯᠪᠠ ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃    ︽5.1︾ ᠤ ᠪᠠᠶᠠᠷ ᠤᠨ ᠡᠳᠦᠷ ᠤᠨ ᠬᠤᠭᠤᠴᠠᠭᠠᠨ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ︽ᠨᠢᠭᠡᠳᠦᠭᠡᠷ  ᠳᠡᠰ ᠤᠨ ᠵᠠᠰᠠᠮᠠᠯ ᠵᠠᠮ ᠢ ᠥᠨᠳᠥᠷ ᠬᠤᠷᠳᠣᠴᠠᠲᠤ ᠵᠠᠰᠠᠮᠠᠯ ᠵᠠᠮ ᠪᠣᠯᠭᠠᠨ ᠥᠭᠡᠷᠡᠴᠢᠯᠡᠬᠦ︾ ᠲᠥᠷᠥᠯ ᠵᠦᠢᠯ᠂ ᠯᠦᠪᠸᠢ ᠭᠤᠤᠯ ᠤᠨ ᠶᠡᠭᠡ ᠬᠥᠭᠦᠷᠭᠡ ᠶᠢᠨ ᠲᠥᠷᠥᠯ ᠵᠦᠢᠯ᠂ ᠲᠦᠪᠯᠡᠷᠡᠩᠭᠦᠢ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ ᠪᠠᠶᠢᠯᠳᠤᠭᠠᠨ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠠᠬᠤᠢ ᠲᠠᠯᠠᠪᠠᠶ ᠳᠤ ᠠᠵᠢᠯᠯᠠᠵᠤ᠂ ᠲᠥᠷᠥᠯ ᠵᠦᠢᠯ ᠤᠨ ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ ᠢ ᠤᠶᠢᠯᠠᠭᠠᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ᠂ ᠵᠠᠩ ᠯᠢ ᠭᠦᠸᠧ ᠪᠠᠷ᠎ᠠ ᠪᠣᠯᠪᠠ     5 ᠰᠠᠷ᠎ᠠ ᠶᠢᠨ 6 ᠤ ᠡᠳᠦᠷ᠂ ᠵᠠᠷᠤᠳ ᠬᠤᠰᠢᠭᠤᠨ ᠤ ᠬᠠᠮᠲᠤᠷᠠᠭᠰᠠᠨ ᠲᠦᠷᠭᠡᠨ ᠠᠪᠤᠷᠠᠯᠲᠠ ᠶᠢᠨ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠯᠦᠪᠸᠢ ᠠᠵᠤ ᠦᠢᠯᠡᠰ ᠤᠨ ᠲᠣᠭᠤᠷᠢᠭ ᠤᠨ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠳᠤ ᠶᠠᠪᠤᠭᠳᠠᠵᠤ᠂ ᠲᠣᠰ ᠲᠦᠷᠭᠡᠨ ᠠᠪᠤᠷᠠᠯᠲᠠ ᠶᠢᠨ ᠥᠷᠲᠡᠭᠡ ᠪᠣᠯ ᠲᠦᠩᠯᠢᠶᠣᠤ ᠬᠤᠲᠠ ᠶᠢᠨ ᠠᠩᠬᠠᠳᠠᠭᠴᠢ ᠬᠠᠮᠲᠤᠷᠠᠨ ᠬᠥᠳᠡᠯᠦᠯᠴᠡᠭᠰᠡᠨ ᠲᠦᠷᠭᠡᠨ ᠠᠪᠤᠷᠠᠯᠲᠠ ᠶᠢᠨ ᠥᠷᠲᠡᠭᠡ ᠪᠣᠯᠤᠨ᠎ᠠ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠲᠦᠷᠭᠡᠨ ᠠᠪᠤᠷᠠᠯᠲᠠ ᠶᠢᠨ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    5 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ ᠵᠠᠷᠤᠳ ᠬᠤᠰᠢᠭᠤᠨ ᠳᠤ ᠢᠷᠡᠵᠦ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠰᠠᠭᠤᠳᠠᠯ ᠤᠨ ᠬᠤᠷᠠᠯ ᠳᠤ ᠣᠷᠣᠯᠴᠠᠪᠠ᠃ ᠮᠧᠩ ᠰᠢᠶᠠᠨ ᠳ᠋ᠦᠩ ᠯᠦᠪᠸᠢ ᠪᠠᠯᠭᠠᠰᠤᠨ ᠤ ᠠᠵᠤ ᠦᠢᠯᠡᠰ ᠤᠨ ᠲᠣᠭᠤᠷᠢᠭ ᠲᠤ ᠬᠦᠷᠴᠦ᠂ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠦᠢᠳᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠵᠢᠴᠢ ᠠᠯᠠᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠢᠯ ᠪᠣᠯᠤᠨ ᠴᠢᠩ ᠴᠢᠤᠸᠠᠨ ᠠᠮᠢᠳᠤ ᠪᠣᠳᠠᠰ ᠤᠨ ᠬᠦᠬᠦᠷ ᠬᠦᠴᠢᠯ ᠤᠨ ᠮᠥᠭᠡᠷᠰᠦᠨ ᠬᠤᠮᠵᠢᠶ᠎ᠠ ᠶᠢᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ ᠶᠢᠨ ᠠᠬᠢᠴᠠ ᠪᠣᠯᠤᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠠᠬᠤᠢ ᠲᠠᠯᠠᠪᠠᠶ ᠳᠤ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃    5 ᠰᠠᠷ᠎ᠠ ᠶᠢᠨ 7 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠤᠷᠢᠳ ᠬᠤᠵᠢᠳ ᠫᠤᠤ ᠲᠠᠢ ᠱᠠᠨ ᠴᠡᠴᠡᠷᠯᠢᠭ᠂ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠰᠢᠭᠤᠨ ᠤ ᠮᠣᠩᠭᠤᠯ ᠦᠨᠳᠦᠰᠦᠲᠡᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠰᠢᠭᠤᠨ ᠤ ᠤᠨᠴᠠᠯᠢᠬᠳᠤ ᠰᠤᠷᠭᠠᠭᠤᠯᠢ᠂ ᠬᠤᠰᠢᠭᠤᠨ ᠤ ᠲᠠᠪᠤᠳᠤᠭᠠᠷ ᠬᠡᠤᠬᠡᠳ ᠤᠨ ᠴᠡᠴᠡᠷᠯᠢᠭ ᠵᠢᠴᠢ ᠪᠡᠶ᠎ᠡ ᠲᠠᠮᠢᠷ ᠤᠨ ᠴᠡᠴᠡᠷᠯᠢᠭ ᠵᠡᠷᠭᠡ ᠭᠠᠵᠠᠷ ᠲᠤ ᠬᠦᠷᠴᠦ᠂ ᠰᠤᠷᠭᠠᠨ ᠬᠥᠮᠦᠵᠢᠯ ᠪᠡᠶ᠎ᠡ ᠲᠠᠮᠢᠷ ᠤᠨ ᠬᠦᠷᠢᠶ᠎ᠡ ᠴᠠᠷ᠎ᠠ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃     5 ᠰᠠᠷ᠎ᠠ ᠶᠢᠨ 8 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠬᠠᠶᠢᠷᠬᠠᠨ ᠣᠶ ᠰᠢᠭᠤᠶ ᠶᠢᠨ ᠲᠠᠯᠠᠪᠠᠶ᠂ ᠪᠠᠶᠠᠷᠳᠤᠬᠤᠰᠢᠭᠤ ᠪᠠᠯᠭᠠᠰᠤ᠂ ᠤᠯᠠᠭᠠᠨᠬᠠᠳᠠ ᠰᠤᠮᠤ ᠳᠤ ᠬᠦᠷᠴᠦ ᠣᠶ ᠰᠢᠭᠤᠶ᠂ ᠭᠤᠣᠯ ᠮᠦᠷᠠᠨ ᠢ ᠴᠠᠭᠳᠠᠨ ᠪᠠᠶᠢᠴᠠᠭᠠᠬᠤ ᠠᠵᠢᠯ ᠥᠷᠨᠢᠭᠦᠯᠪᠡ᠃ ᠬᠠᠶᠢᠷᠬᠠᠨ ᠤᠢ ᠰᠢᠭᠤᠢ ᠶᠢᠨ ᠲᠠᠯᠠᠪᠠᠢ ᠪᠣᠯᠤᠨ ᠤᠯᠠᠭᠠᠨᠬᠠᠳᠠ ᠰᠤᠮᠤ ᠳᠤ᠂ ᠳ᠋ᠢᠩ ᡁᠢ ᠭᠠᠩ ᠤᠷᠭᠤᠮᠠᠯ ᠤᠨ ᠬᠤᠴᠢᠯᠭ᠎ᠠ ᠶᠢᠨ ᠨᠣᠭᠤᠭᠠᠷᠠᠭᠤᠯᠤᠯᠲᠠ᠂ ᠣᠶᠢᠲᠤ ᠭᠠᠵᠠᠷ ᠢ ᠠᠷᠠᠴᠢᠯᠠᠨ ᠬᠠᠮᠠᠭᠠᠯᠠᠬᠤ᠂ ᠤᠢ ᠰᠢᠭᠤᠢ ᠶᠢᠨ ᠭᠠᠯ ᠢ ᠰᠡᠷᠭᠡᠶᠢᠯᠡᠬᠦ ᠵᠡᠷᠭᠡ ᠪᠠᠶᠢᠳᠠᠯ ᠢ ᠠᠬᠤᠢ ᠭᠠᠵᠠᠷ ᠲᠤᠨᠢ ᠪᠠᠶᠢᠴᠠᠭᠠᠨ ᠦᠵᠡᠵᠦ᠂ ᠤᠢ ᠰᠢᠭᠤᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠤᠢ ᠰᠢᠭᠤᠢ ᠶᠢᠨ ᠬᠠᠮᠠᠭᠠᠯᠠᠭᠴᠢ ᠶᠢᠨ ᠬᠠᠮᠢᠶᠠᠷᠤᠯᠲᠠ ᠵᠡᠷᠭᠡ ᠠᠵᠢᠯ ᠢ ᠨᠠᠷᠢᠨ ᠣᠶᠢᠯᠠᠭᠠᠪᠠ᠃    5 ᠰᠠᠷ᠎ᠠ ᠶᠢᠨ 8 ᠤ ᠡᠳᠦᠷ᠂ ᠲᠦᠩᠯᠢᠶᠣᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠴᠢᠶᠠᠩ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠪᠠᠷ᠎ᠠ ᠪᠣᠯᠪᠠ᠃    5 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ︽ᠵᠢᠷᠭᠤᠭᠠᠨ ᠢᠨᠵᠧᠨᠧᠷᠢᠩ︾᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠼᠦᠢ ᠯᠸᠢ ᠯᠸᠢ᠂ ᠵᠠᠩ ᠯᠢ ᠭᠦᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    5 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤ ᠬᠢᠭᠡᠳ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠵᠣᠯᠭᠠᠭᠤᠯᠬᠤ ᠬᠤᠷᠠᠯ ᠵᠢᠴᠢ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ᠂ ᠫᠠᠨ ᠫᠧᠩ ᠹᠸᠢ ᠣᠷᠣᠯᠴᠠᠪᠠ᠃    5 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠪᠦᠬᠦ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠬᠤᠰᠢᠭᠤᠨ ᠳᠠᠷᠤᠭ᠎ᠠ ᠢᠦᠶ ᠬᠠᠶ ᠪᠦᠦ᠂ ᠳ᠋ᠢᠩ ᡁᠢ ᠭᠠᠩ᠂ ᠼᠦᠢ ᠯᠸᠢ ᠯᠸᠢ ᠬᠤᠷᠠᠯ ᠳᠤ ᠣᠷᠣᠯᠴᠠᠪᠠ᠃    5 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠰᠤᠯᠠ ᠣᠷᠣᠯᠴᠠᠪᠠ᠃    5 ᠰᠠᠷ᠎ᠠ ᠶᠢᠨ 19 ᠤ ᠡᠳᠦᠷ᠂ ᠵᠠᠷᠤᠳ ᠬᠤᠰᠢᠭᠤ 2024 ᠣᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠨ ᠵᠠᠰᠠᠬᠤ ᠲᠣᠭᠠᠯᠠᠨ ᠰᠢᠯᠭᠠᠬᠤ ᠶᠡᠭᠡ ᠬᠤᠷᠠᠯ ᠬᠢᠪᠠ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃    5 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠤ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠲᠦᠩᠯᠢᠶᠣᠤ ᠬᠤᠲᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃    5 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    5 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤ ᠪᠠ ᠱᠦᠶ ᠹᠠ ᠪᠦᠯᠦᠭᠯᠡᠯ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠲᠣᠰ ᠪᠡᠶ᠎ᠡ ᠶᠢᠨ ᠬᠥᠭᠵᠢᠯᠲᠡ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ᠂ ᠼᠦᠢ ᠯᠸᠢ ᠯᠸᠢ᠂ ᠵᠠᠩ ᠯᠢ ᠭᠦᠸᠧ ᠬᠤᠷᠠᠯ ᠳᠤ ᠣᠷᠣᠯᠴᠠᠪᠠ᠃    5 ᠰᠠᠷ᠎ᠠ ᠶᠢᠨ 22 ᠤᠨ ᠡᠳᠦᠷ᠂ 2024 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠢᠪᠡ᠃ ᠳᠡᠳ᠋   ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ ᠳᠡᠳ᠋ ᠬᠤᠰᠢᠭᠤᠨ ᠳᠠᠷᠤᠭ᠎ᠠ ᠫᠠᠨ ᠫᠧᠩ ᠹᠸᠢ ᠬᠤᠷᠠᠯ ᠳᠤ ᠣᠷᠣᠯᠴᠠᠪᠠ᠃    5 ᠰᠠᠷ᠎ᠠ ᠶᠢᠨ 22 ᠤ ᠡᠳᠦᠷ᠂ 2024 ᠣᠨ ᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠶᠢᠷ ᠵᠠᠷᠤᠳ ᠬᠤᠰᠢᠭᠤᠨ ᠤ ᠰᠤᠷᠭᠠᠨ ᠬᠥᠮᠦᠵᠢᠯ ᠤᠨ ᠲᠣᠭᠤᠷᠢᠭ ᠲᠤ ᠶᠠᠪᠤᠭᠳᠠᠵᠤ᠂ ᠳᠡᠳ᠋ ᠬᠤᠰᠢᠭᠤᠨ ᠳᠠᠷᠤᠭ᠎ᠠ ᠫᠠᠨ ᠫᠧᠩ ᠹᠸᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    5 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ᠂ ᠫᠠᠨ ᠫᠧᠩ ᠹᠸᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    5 ᠰᠠᠷ᠎ᠠ ᠶᠢᠨ 24 ᠤ ᠡᠳᠦᠷ᠂ ᠲᠦᠩᠯᠢᠶᠣᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠵᠠᠷᠤᠳ ᠬᠤᠰᠢᠭᠤᠨ ᠳᠤ ᠢᠷᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠬᠢᠪᠠ᠃ ᠳᠡᠳ᠋ ᠬᠤᠰᠢᠭᠤᠨ ᠳᠠᠷᠤᠭ᠎ᠠ ᠫᠠᠨ ᠫᠧᠩ ᠹᠸᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    5 ᠰᠠᠷ᠎ᠠ ᠶᠢᠨ 24 ᠤ ᠡᠳᠦᠷ᠂ ᠲᠦᠩᠯᠢᠶᠣᠤ ᠬᠤᠲᠠ ᠶᠢᠨ ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠣᠭᠠᠨ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠠᠬᠤᠢ ᠲᠠᠯᠠᠪᠠᠶ ᠶᠢᠨ ᠠᠬᠢᠭᠤᠯᠬᠤ ᠬᠤᠷᠠᠯ ᠵᠠᠷᠤᠳ ᠬᠤᠰᠢᠭᠤᠨ ᠳᠤ ᠬᠢᠪᠡ᠃ ᠳᠡᠳ᠋ ᠬᠤᠲᠠ ᠶᠢᠨ ᠳᠠᠷᠤᠭ᠎ᠠ ᠯᠢᠦᠶ ᠭᠦᠸᠧ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃ ᠯᠢᠦᠶ ᠭᠦᠸᠧ ᠬᠤᠸᠠ ᠬᠠᠮᠲᠤ ᠶᠠᠪᠣᠭᠰᠠᠳ ᠲᠠᠢ ᠪᠠᠨ ᠴᠢᠪᠠᠭᠠᠲᠤ ᠰᠤᠮᠤ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠲᠥᠷᠥᠯ ᠵᠦᠢᠯ ᠤᠨ ᠣᠷᠣᠨ ᠢ ᠠᠬᠤᠢ ᠭᠠᠵᠠᠷ ᠲᠤᠨᠢ ᠲᠣᠭᠤᠷᠢᠨ ᠦᠵᠡᠵᠦ᠂ ᠡᠯᠡᠰᠦᠨ ᠤ ᠤᠷᠭᠤᠮᠠᠯ ᠲᠠᠷᠢᠬᠤ ᠠᠬᠢᠴᠠ᠂ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠥᠪᠡᠷ ᠤᠨ ᠥᠷᠲᠡᠭ ᠤᠨ ᠠᠰᠢᠭ ᠣᠷᠣᠯᠭ᠎ᠠ ᠵᠡᠷᠭᠡ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃    5 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 83 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ᠂ ᠫᠠᠨ ᠫᠧᠩ ᠹᠸᠢ ᠬᠤᠷᠠᠯ ᠳᠤ ᠰᠤᠯᠠ ᠣᠷᠣᠯᠴᠠᠪᠠ᠃    5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠥᠪᠥᠷ ᠮᠣᠩᠭᠤᠯ ᠤᠨ ᠰᠢᠨ ᠰᠢᠤᠸᠠᠨ ᠰᠦᠯᠵᠢᠶᠡᠨ ᠤ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠼᠤᠤ ᠡᠪᠡᠰᠦᠨ ᠤ ᠦᠢᠯᠡᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠠᠭᠤᠳᠠᠯ ᠤᠨ ᠬᠤᠷᠠᠯ ᠬᠢᠵᠦ᠂ ᠭᠤᠷᠪᠠᠨ ᠲᠠᠯ᠎ᠠ ᠪᠠᠷ ᠢᠶᠠᠨ ᠵᠠᠭᠤᠨ ᠲᠦᠮᠡᠨ ᠮᠥ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃    5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠴᠢᠨ ᠶᠤᠸᠠᠨ ᠨᠡᠶᠢᠭᠡᠮ ᠲᠣᠭᠤᠷᠢᠭ ᠤᠨ ᠬᠤᠰᠢᠭᠤᠨ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠠᠰᠤᠭ ᠲᠤ ᠬᠦᠷᠴᠦ  ᠦᠨᠳᠦᠰᠦᠨ ᠱᠠᠲᠤᠨ ᠳᠤ ᠪᠠᠭᠤᠵᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠥᠷᠨᠢᠭᠦᠯᠪᠡ᠃ ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠪᠦᠦ ᠸᠧᠨ ᠯᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠬᠠᠷᠢᠭᠤᠴᠠᠯᠭᠠᠲᠠᠨ ᠲᠠᠢ ᠠᠬᠤᠢ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃    5 ᠰᠠᠷ᠎ᠠ ᠶᠢᠨ 28 ᠤ ᠡᠳᠦᠷ᠂ ᠵᠠᠷᠤᠳ ᠬᠤᠰᠢᠭᠤ ᠪᠣᠯᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ ᠬᠢᠨ ᠵᠣᠯᠭᠠᠭᠤᠯᠬᠤ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠠᠯᠪᠠᠨ ᠤ ᠬᠠᠳᠠᠭᠠᠯᠠᠮᠵᠢ᠂ ᠬᠦᠦ ᠮᠥᠩᠭᠦ ᠶᠢ ᠪᠠᠭᠤᠷᠠᠭᠤᠯᠬᠤ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ ᠭᠦᠨᠵᠡᠭᠡᠶ ᠰᠣᠯᠢᠯᠴᠠᠭ᠎ᠠ ᠪᠠ ᠵᠣᠯᠭᠠᠯᠴᠠᠭ᠎ᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠰᠠᠭᠤᠳᠠᠯ ᠤᠨ ᠬᠤᠷᠠᠯ ᠳᠤ ᠣᠷᠣᠯᠴᠠᠪᠠ᠃    5 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠣᠯᠠᠨ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ ᠠᠵᠢᠯ ᠢᠶᠠᠨ ᠵᠣᠯᠭᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃    5 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠢᠪᠡ᠃ ᠳᠡᠳ᠋  ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃    5 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠤ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠶᠢᠲᠤ ᠬᠡᠰᠡᠭ ᠲᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    5 ᠰᠠᠷ᠎ᠠ ᠶᠢᠨ 30 ᠤ ᠡᠳᠦᠷ᠂ ᠵᠠᠷᠤᠳ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶ ᠶᠢᠨ ᠠᠵᠢᠯᠯᠠᠭᠠᠨ ᠲᠣᠬᠢᠷᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ᠂ ᠵᠠᠩ ᠯᠢ ᠭᠦᠸᠧ᠂ ᠫᠠᠨ ᠫᠧᠩ ᠹᠸᠢ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号