ᠣᠶᠢᠷ᠎ᠠ ᠳᠤ᠂ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠬᠢᠨ ︽2024 ᠣᠨ ᠳᠤ ᠲᠦᠩᠯᠢᠶᠣᠤ | ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢᠨ ᠣᠷᠣᠨ ᠪᠦᠰᠡ ᠶᠢᠨ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ︾ ᠦᠨᠡᠭᠡᠴᠢ ᠮᠠᠯᠵᠢᠯ ᠤᠨ ᠲᠠᠯᠠᠪᠠᠶ ᠶᠢᠨ | ᠰᠤᠷᠭᠠᠭᠤᠯᠢ ᠳᠤ ᠬᠦᠷᠪᠡ᠃ ᠠᠵᠢᠯᠯᠠᠭ᠎ᠠ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠵᠦ ᠪᠦᠬᠦ ᠠᠷᠠᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠣᠯ ᠵᠢᠭᠰᠠᠭᠠᠯ ᠤᠨ | ᠭᠠᠵᠠᠷ ᠤᠨ ᠴᠢᠳᠠᠪᠤᠷᠢ ᠶᠢ ᠳᠡᠭᠡᠭᠰᠢᠯᠡᠭᠦᠯᠬᠦ︾ ᠪᠠᠷ ᠭᠤᠣᠯ ᠰᠡᠳᠦᠪ ᠪᠣᠯᠭᠠᠵᠤ᠂ ᠪᠠᠭᠰᠢ ᠰᠤᠷᠤᠭᠴᠢᠳ ᠲᠤ ᠨᠢᠭᠡ | ᠤᠳᠠᠭᠠᠨ ᠤ ᠭᠤᠶᠢᠳᠠ ᠰᠠᠶᠢᠬᠠᠨ ᠰᠢᠨᠵᠢᠯᠡᠭᠡ ᠮᠡᠷᠭᠡᠵᠢᠯ ᠤᠨ ᠲᠣᠭᠯᠠᠯᠲᠠ ᠶᠢ ᠠᠪᠴᠢᠷᠠᠭᠰᠠᠨ ᠢᠶᠠᠷ ᠪᠠᠷᠠᠬᠤ ᠦᠭᠡᠢ᠂ | ᠪᠠᠰᠠ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠪᠠᠷ | ᠲᠠᠮᠵᠢᠭᠤᠯᠤᠨ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ᠂ ᠰᠢᠨᠵᠢᠯᠡᠭᠡ ᠮᠡᠷᠭᠡᠵᠢᠯ ᠤᠨ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠤᠬᠠᠭᠤᠯᠤᠨ | ᠲᠠᠶᠢᠯᠪᠤᠷᠢᠯᠠᠪᠠ᠃ ᠲᠣᠰ ᠤᠳᠠᠭᠠᠨ ᠤ ᠲᠣᠭᠤᠷᠢᠨ ᠦᠵᠡᠭᠦᠯᠦᠯᠭᠡ ᠨᠢ ᠬᠡᠤᠬᠡᠳ ᠢ ᠰᠢᠨᠵᠢᠯᠡᠭᠡ ᠮᠡᠷᠭᠡᠵᠢᠯ ᠲᠠᠢ | ᠣᠶᠢᠷᠠᠲᠤᠭᠤᠯᠵᠤ᠂ ᠰᠢᠨᠵᠢᠯᠡᠭᠡ ᠮᠡᠷᠭᠡᠵᠢᠯ ᠢ ᠣᠶᠢᠯᠭᠠᠨ ᠬᠠᠶᠢᠷᠠᠯᠠᠭᠤᠯᠵᠦ᠂ ᠬᠡᠤᠬᠡᠳ ᠤᠨ ᠰᠡᠳᠬᠢᠯ ᠳᠤ ᠰᠢᠨᠵᠢᠯᠡᠭᠡ | ᠮᠡᠷᠭᠡᠵᠢᠯ ᠤᠨ ᠦᠷ᠎ᠡ ᠶᠢ ᠲᠠᠷᠢᠪᠠ᠃ | | | |