10 ᠰᠠᠷ᠎ᠠ ᠶᠢᠨ 21 ᠤ ᠡᠳᠦᠷ᠂ ᠬᠤᠷᠴᠢᠨ ᠲᠣᠭᠤᠷᠢᠭ ᠤᠨ ᠳᠡᠳ᠋ ᠳᠠᠷᠤᠭ᠎ᠠ ᠶᠢᠦ ᠵᠢᠶᠦ᠋ᠨ ᠪᠦᠯᠬᠦᠮ | ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠢ ᠰᠢᠨᠵᠢᠯᠡᠨ ᠪᠠᠶᠢᠴᠠᠭᠠᠵᠤ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠪᠣᠯᠤᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | | | | ᠭᠦᠩ ᠤᠨ ᠰᠠᠩ ᠵᠤᠭᠠᠴᠠᠯ ᠤᠨ ᠦᠵᠡᠮᠵᠢ ᠶᠢᠨ ᠣᠷᠣᠨ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ | ᠠᠬᠤᠢ ᠭᠠᠵᠠᠷ ᠲᠤᠨᠢ ᠲᠣᠭᠤᠷᠢᠨ ᠦᠵᠡᠬᠦ᠂ ᠲᠠᠶᠢᠯᠤᠮᠵᠢ ᠰᠣᠨᠣᠰᠬᠤ ᠠᠷᠭ᠎ᠠ ᠬᠡᠯᠪᠡᠷᠢ ᠪᠠᠷ ᠲᠠᠮᠵᠢᠨ᠂ ᠭᠦᠩ ᠤᠨ | ᠰᠠᠩ ᠵᠤᠭᠠᠴᠠᠯ ᠤᠨ ᠦᠵᠡᠮᠵᠢ ᠶᠢᠨ ᠣᠷᠣᠨ ᠤ ᠲᠦᠷᠦᠯ ᠵᠦᠢᠯ ᠢ ᠠᠬᠢᠭᠤᠯᠬᠤ᠂ ᠲᠥᠬᠦᠭᠡᠷᠦᠮᠵᠢ ᠶᠢ ᠢᠵᠢ | ᠪᠦᠷᠢᠳᠦᠭᠦᠯᠬᠦ᠂ ᠦᠷᠭᠦᠯᠵᠢᠯᠡᠨ ᠡᠵᠡᠩᠨᠡᠬᠦ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ | ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠭᠦᠩ ᠤᠨ ᠰᠠᠩ | ᠵᠤᠭᠠᠴᠠᠯ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ | ᠬᠢᠨᠠᠮᠠᠭᠠᠶ ᠰᠣᠨᠣᠰᠴᠤ᠂ ᠦᠵᠡᠮᠵᠢ ᠶᠢᠨ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ | ᠡᠵᠡᠩᠨᠡᠯᠲᠡ ᠶᠢᠨ ᠵᠠᠭᠪᠤᠷ ᠢ ᠭᠦᠨᠵᠡᠭᠡᠶ ᠣᠶᠢᠯᠠᠭᠠᠪᠠ᠃ ᠡᠭᠦᠨ ᠤ ᠬᠠᠮᠲᠤ᠂ ᠣᠯᠠᠨ ᠢᠶᠠᠷ ᠢᠶᠠᠨ ᠪᠠᠶᠢᠴᠠᠭᠠᠨ | ᠰᠤᠳᠤᠯᠤᠯᠲᠠ ᠶᠢᠨ ᠭᠤᠤᠯ ᠰᠡᠳᠦᠪ ᠤᠨ ᠲᠣᠭᠤᠷᠢᠨ ᠳᠤ ᠭᠦᠨᠵᠡᠭᠡᠶ ᠰᠣᠯᠢᠯᠴᠠᠨ ᠶᠠᠷᠢᠯᠴᠠᠵᠤ᠂ ᠰᠠᠨᠠᠯ | ᠰᠠᠨᠠᠭᠤᠯᠭ᠎ᠠ ᠪᠠᠨ ᠰᠣᠯᠢᠯᠴᠠᠪᠠ᠃ | | | | | ᠰᠢᠨᠵᠢᠯᠡᠨ ᠪᠠᠶᠢᠴᠠᠭᠠᠬᠤ ᠳᠤᠭᠤᠶᠢᠯᠠᠩ ᠬᠢᠨ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ | ᠤᠶᠢᠯᠡᠰ ᠤᠨ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠵᠠᠷᠤᠳ ᠬᠤᠰᠢᠭᠤᠨ ᠤ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠠᠵᠤ ᠤᠶᠢᠯᠡᠰ ᠤᠨ ᠬᠥᠭᠵᠢᠯᠲᠡ ᠶᠢᠨ ᠰᠡᠳᠬᠢᠴᠡ ᠲᠣᠳᠣᠷᠬᠠᠶ᠂ ᠣᠷᠣᠨ | ᠪᠦᠰᠡ ᠶᠢᠨ ᠣᠨᠴᠠᠯᠢᠭ ᠲᠠᠢ ᠵᠢᠭᠤᠯᠴᠢᠯᠠᠯ ᠤᠨ ᠦᠷ᠎ᠡ ᠪᠦᠲᠦᠭᠡᠯ ᠢ ᠲᠣᠪᠤᠶᠢᠮ᠎ᠠ ᠬᠥᠭᠵᠢᠭᠦᠯᠪᠡ᠃ ᠰᠣᠶᠣᠯ | ᠵᠢᠭᠤᠯᠴᠢᠯᠠᠯ ᠢ ᠠᠭᠤᠰᠤᠯᠴᠠᠭᠤᠯᠤᠭᠰᠠᠨ ᠰᠢᠨ᠎ᠡ ᠪᠠᠶᠢᠳᠠᠯ ᠳᠣᠣᠷ᠎ᠠ᠂ ᠵᠠᠷᠤᠳ ᠬᠤᠰᠢᠭᠤ ᠣᠷᠣᠨ ᠪᠦᠰᠡ ᠶᠢᠨ ᠠᠮᠢ | ᠠᠬᠤᠢ ᠬᠦᠮᠤᠡᠯᠢᠭ ᠰᠣᠶᠣᠯ ᠤᠨ ᠦᠷᠳᠡᠭ ᠢ ᠭᠦᠨ ᠠᠭᠤᠳᠠᠯᠵᠤ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠰᠠᠶᠢᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠤᠷᠤᠯᠴᠠᠨ | ᠲᠣᠯᠢᠯᠠᠭᠤᠰᠢᠲᠠᠢ ᠪᠠᠶᠢᠨ᠎ᠠ ᠭᠡᠵᠦ ᠦᠵᠡᠪᠡ᠃ | ᠶᠣᠣ ᠼᠠᠢ ᠶᠠᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ | ᠪᠠᠶᠢᠬᠤ ᠪᠠᠨ ᠢᠯᠡᠳᠬᠡᠬᠦ ᠶᠢᠨ ᠬᠠᠮᠲᠤ ᠬᠤᠶᠠᠷ ᠭᠠᠵᠠᠷ ᠤᠨ ᠬᠢᠨ ᠨᠡᠪᠳᠡᠷᠡᠯᠴᠡᠭᠡ ᠬᠠᠷᠢᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠲᠤᠷᠰᠢᠯᠭ᠎ᠠ ᠪᠣᠯᠤᠨ ᠣᠯᠤᠯᠲᠠ ᠲᠦᠷᠦᠭᠳᠡᠯ ᠢᠶᠠᠨ ᠰᠣᠯᠢᠯᠴᠠᠵᠤ᠂ ᠬᠤᠶᠠᠷ ᠭᠠᠵᠠᠷ ᠤᠨ ᠰᠣᠶᠣᠯ | ᠵᠢᠯᠤᠭᠤᠴᠢᠯᠠᠯ ᠤᠨ ᠠᠵᠤ ᠦᠢᠯᠡᠰ ᠤᠨ ᠬᠥᠭᠵᠢᠯᠲᠡ ᠵᠢᠴᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ |